ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2024/1/25
           ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                    2024 ᠣᠨ ᠤ 1 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ                   ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ   ᠤᠨ ᠲᠥᠯᠥᠭᠡᠯᠡᠭᠴᠢᠳ ᠤᠨ                   ᠶᠡᠭᠡ   ᠬᠤᠷᠠᠯ   ᠤᠨ  ᠭᠤᠷᠪᠠᠳᠤᠭᠠᠷ  ᠬᠤᠷᠠᠯᠳᠤᠭᠠᠨ  ᠳᠡᠭᠡᠷ᠎ᠡ                                                                                                    ᠬᠤᠰᠢᠭᠤ  ᠲᠠᠷᠤᠭ᠎ᠠ   ᠴᠧᠨ ᠶᠠᠨ ᠪᠤᠤ ᠲᠦᠯᠦᠭᠡᠯᠡᠭᠴᠢᠳ ᠡ  ᠄     ᠣᠳᠣ ᠪᠢ  ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ ᠂ ᠬᠢᠨᠠᠨ ᠵᠥᠪᠯᠡᠬᠦ ᠪᠣᠯᠪᠠᠤ᠂  ᠮᠦᠨᠴᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃      ᠨᠢᠭᠡ᠂ 2023 ᠤᠨ ᠤ ᠠᠵᠢᠯ ᠤᠨ ᠡᠷᠭᠢᠴᠡᠭᠦᠯᠦᠯ     ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ  ᠨᠠᠶᠢᠳᠠᠪᠤᠷᠢᠵᠢᠭᠤᠯᠤᠨ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠢᠮᠠᠭ ᠤᠨ ᠨᠠᠮ ᠤᠨ ᠬᠤᠷᠢᠶ᠎ᠠ᠂  ᠠᠶᠢᠮᠠᠭ ᠤᠨ ᠵᠠᠬᠢᠷᠭ᠎ᠠ ᠪᠠ  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠰᠡᠳᠬᠢᠯ  ᠬᠦᠴᠦᠨ ᠢᠶᠠᠨ ᠨᠢᠭᠡᠳᠬᠡᠨ᠂ ᠬᠦᠴᠢᠷ ᠢ ᠰᠥᠷᠦᠨ  ᠤᠷᠤᠭᠰᠢᠯᠠᠭᠠᠳ᠂ ᠪᠥᠬᠦ ᠬᠤᠰᠢᠭᠤᠨ ᠤ ᠠᠵᠤ ᠠᠬᠤᠢ ᠶᠢᠨ ᠪᠠᠶᠢᠳᠠᠯ ᠲᠣᠭᠲᠠᠭᠤᠨ ᠤ ᠲᠠᠭᠠᠤ ᠤᠷᠤᠭᠰᠢ ᠠᠬᠢᠵᠤ  ᠂ ᠡᠯ᠎ᠡ  ᠲᠦᠷᠦᠯ ᠤᠨ ᠠᠵᠢᠯ ᠦᠢᠯᠡᠰ ᠰᠢᠨ᠎ᠡ  ᠠᠮᠵᠢᠯᠳᠠ  ᠪᠦᠲᠦᠮᠵᠢ ᠣᠯᠪᠠ᠃ ᠪᠥᠬᠦ ᠵᠢᠯ ᠳᠤ ᠵᠢᠱᠢᠯᠲᠡ ᠪᠠᠷ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 63.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠨ᠂  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 17 ᠳ᠋ᠦᠩᠰᠢᠭᠤᠷ ᠲᠥᠭᠦᠷᠢᠭ ᠲᠤ ᠬᠦᠷᠴᠦ 13.3% ᠪᠠᠷ ᠨᠡᠮᠡᠭᠳᠡᠨ᠂ ᠡᠩ ᠤᠨ  ᠨᠡᠶᠢᠲᠡ ᠶᠢᠨ ᠲᠥᠰᠥᠪ ᠤᠨ ᠣᠷᠣᠯᠭ᠎ᠠ  3.53 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ 225.2 % ᠪᠠᠷ ᠨᠡᠮᠡᠭᠳᠡᠨ᠂  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ  6.45 ᠳ᠋ᠦᠩᠰᠢᠭᠤᠷ ᠲᠥᠭᠦᠷᠢᠭ ᠲᠤ ᠬᠦᠷᠴᠦ᠂ 4.2% ᠪᠠᠷ ᠨᠡᠮᠡᠭᠳᠡᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ  ᠪᠤᠯᠬᠤᠶᠢᠴᠠ ᠣᠷᠣᠯᠭ᠎ᠠ  ᠲᠤᠰᠪᠤᠷᠢ 44225 ᠲᠥᠭᠦᠷᠢᠭ ᠪᠠ 17852 ᠲᠥᠭᠦᠷᠢᠭ ᠲᠤ ᠬᠦᠷᠴᠦ᠂ 6.5%  ᠪᠠ 8 % ᠪᠠᠷ ᠨᠡᠮᠡᠭᠳᠡᠵᠡᠢ᠃     ᠨᠢᠭᠡ ᠵᠢᠯ ᠤᠨ ᠲᠤᠷᠰᠢ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠬᠢᠪᠡ᠄    ︵ᠨᠢᠭᠡ︶ ᠲᠣᠭᠲᠠᠭᠤᠨ ᠪᠠᠶᠢᠯᠭᠠᠬᠤ ᠶᠢᠨ ᠲᠠᠭᠠᠤ ᠤᠷᠤᠭᠰᠢ ᠠᠬᠢᠭᠤᠯᠬᠤ ᠶᠢ ᠪᠠᠷᠢᠮᠳᠠᠯᠠᠵᠤ  ᠂ ᠬᠥᠭᠵᠢᠯᠲᠡ ᠶᠢᠨ ᠰᠠᠭᠤᠷᠢ ᠶᠢ ᠤᠯᠠᠮ ᠪᠠᠬᠢᠵᠢᠬᠦᠯᠪᠡ᠃  ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠲᠤᠭᠳᠠᠪᠤᠷᠢᠵᠢᠵᠤ ᠴᠢᠨᠠᠷ ᠰᠠᠶᠢᠵᠢᠷᠠᠭᠰᠠᠨ᠃  ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠤᠭᠠᠳ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ 97.7 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠶᠡᠷᠦᠩᠬᠡᠢ ᠤᠨᠠᠯᠲᠠ 32 ᠲᠦᠮᠡᠨ ᠲᠣᠨ ᠳᠤ ᠬᠥᠷᠪᠡ᠃ ᠲᠠᠷᠢᠶᠠᠨ ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 5.4 ᠲᠦᠮᠡᠨ ᠮᠦ  ᠲᠠᠷᠢᠶᠠᠨ ᠭᠠᠵᠠᠷ ᠢ ᠮᠠᠰᠢᠨ ᠮᠧᠬᠠᠨᠢᠭ ᠢᠶᠠᠷ ᠰᠤᠯᠠᠯᠠᠨ ᠲᠡᠭᠰᠢᠯᠡᠪᠡ᠃ ᠴᠢᠨᠠᠷ ᠰᠠᠶᠢᠲᠠᠢ ᠠᠰᠢᠭ ᠶᠡᠬᠡᠳᠡᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 2 ᠲᠣᠰᠬᠤᠨ ᠢ ᠥᠨᠳᠥᠷ  ᠤᠨᠠᠯᠳᠠᠳᠤ ᠮᠡᠷᠭᠡᠵᠢᠯ ᠤᠨ ᠵᠢᠱᠢᠶ᠎ᠡ ᠦᠵᠡᠭᠦᠯᠬᠦ ᠴᠡᠭ ᠪᠤᠯᠭᠠᠨ᠂ ᠲᠥᠮᠥᠰᠥ᠂ ᠬᠤᠮᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ 2᠂  ᠪᠣᠬᠢᠷᠲᠤᠯ ᠦᠭᠡᠢ ᠴᠢᠨᠠᠷ ᠰᠠᠶᠢᠲᠠᠢ ᠠᠰᠢᠭ ᠶᠡᠭᠡᠳᠡᠢ ᠲᠦᠮᠡᠨ ᠮᠦ ᠶᠢᠨ ᠲᠦᠮᠦᠰᠦ ᠲᠠᠷᠢᠬᠤ ᠲᠠᠯᠠᠪᠠᠢ 2  ᠂ ᠮᠢᠩᠭᠠᠨ ᠮᠦ ᠶᠢᠨ ᠲᠠᠯᠠᠪᠠᠢ 16  ᠂ ᠵᠠᠭᠤᠨ ᠮᠦ ᠶᠢᠨ ᠲᠠᠯᠠᠪᠠᠢ 5 ᠶᠢ ᠪᠠᠶᠢᠭᠤᠯᠵᠤ᠂  ᠲᠦᠮᠦᠰᠦᠨ ᠤ ᠲᠠᠯᠠᠪᠠᠶ ᠨᠢᠭᠡᠴᠢ ᠶᠢᠨ ᠤᠨᠠᠯᠲᠠ 5600 ᠺᠢᠯᠣᠭ᠍ᠷᠠᠮ  ᠲᠠᠪᠠᠵᠠᠢ᠃ ᠬᠠᠰᠢᠶᠠᠯᠠᠨ ᠮᠠᠯᠵᠢᠬᠤ ᠶᠢ ᠶᠡᠬᠡᠪᠡᠷ ᠳᠡᠯᠭᠡᠷᠡᠭᠦᠯᠵᠦ᠂ ᠮᠢᠬᠠᠨ ᠤ ᠦᠬᠡᠷ 15.1 ᠲᠦᠮᠡᠨ ᠲᠣᠯᠣᠭᠠᠢ᠂   ᠰᠠᠶᠢᠨ ᠡᠭᠦᠯᠳᠡᠷ ᠤᠨ ᠦᠨᠢᠶ᠎ᠡ  9 ᠲᠦᠮᠡᠨ ᠲᠤᠯᠤᠭᠠᠢ ᠳᠤ ᠬᠦᠷᠦᠭᠰᠡᠨ ᠪᠦᠭᠡᠳ   8.4 ᠲᠦᠮᠡᠨ  ᠮᠢᠬᠠᠨ ᠤ ᠦᠬᠡᠷ᠂ 1014 ᠰᠠᠭᠠᠯᠢ ᠶᠢᠨ ᠦᠨᠢᠶ᠎ᠡ ᠳᠤ ᠢᠴᠢᠭᠡᠯ ᠦᠷ᠎ᠡ ᠶᠢᠨ ᠬᠡᠬᠡᠯᠳᠦᠬᠦᠯᠭᠡ ᠬᠢᠵᠦ᠂  ᠬᠡᠭᠡᠯᠲᠦᠭᠰᠡᠨ ᠨᠣᠷᠮ᠎ᠠ 90%   ᠶᠢ ᠲᠠᠪᠠᠭᠰᠠᠨ ᠪᠠᠶᠢᠨ᠎ᠠ᠃  ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ 5.7 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠰᠠᠷᠠᠪᠴᠢ ᠶᠢ ᠰᠢᠨ᠎ᠡ ᠪᠠᠷ ᠪᠠᠶᠢᠭᠤᠯᠤᠨ᠂ 1000  ᠬᠠᠪᠳᠠᠭᠠᠢ ᠳᠥᠷᠪᠡᠯᠵᠢᠨ ᠮᠧᠲᠷ ᠳᠤᠯᠠᠭᠠᠨ ᠰᠠᠷᠠᠪᠴᠢ᠂ 5.1 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 4.9 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠃  ᠲᠠᠷᠢᠶᠠᠯᠠᠩ ᠮᠠᠯ ᠠᠵᠤ ᠠᠬᠤᠢ  ᠶᠢᠨ ᠭᠡᠪᠴᠢᠶᠡᠵᠢᠭᠰᠡᠨ ᠬᠦᠭᠵᠢᠯᠳᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 2᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 163 ᠶᠢ ᠰᠢᠨ᠎ᠡ ᠪᠠᠷ  ᠪᠤᠶᠢᠵᠢᠭᠤᠯᠤᠭᠠᠳ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ  10᠂  ᠲᠤᠰᠬᠠᠢ ᠬᠤᠷᠰᠢᠶᠠᠵᠢᠯ  429  ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1450 ᠪᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠡᠰ ᠳᠠᠪᠰᠢᠵᠤ ᠬᠡᠯᠪᠡᠷᠢ ᠬᠤᠪᠢᠷᠠᠭᠰᠠᠨ᠃ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠠᠵᠢᠯᠯᠠᠭ᠎ᠠ ᠶᠢ ᠭᠦᠨᠵᠡᠭᠡᠢ  ᠭᠡᠷᠡᠭᠵᠢᠬᠦᠯᠦᠨ᠂ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ  ᠤᠨ ᠥᠷᠲᠡᠭ ᠦᠷᠭᠦᠯᠵᠢᠯᠡᠨ ᠨᠡᠮᠡᠭᠳᠡᠭᠡᠳ᠂ 29.1 ᠳ᠋ᠦᠩᠰᠢᠭᠤᠷ ᠲᠥᠭᠦᠷᠢᠭ ᠦᠢᠯᠡᠳᠪᠦᠷᠢᠯᠡᠯ ᠤᠨ ᠥᠷᠲᠡᠭ ᠢ  ᠪᠡᠶᠡᠯᠡᠭᠦᠯᠵᠦ᠂ 8.3% ᠪᠠᠷ ᠨᠡᠮᠡᠭᠳᠡᠪᠡ᠃  ᠵᠢᠩ ᠴᠧᠩ ᠴᠠᠬᠢᠯᠭᠠᠨ ᠤᠳᠠᠰᠤ ᠴᠠᠬᠢᠯᠭᠠᠨ ᠳᠡᠭᠡᠰᠦ ᠦᠢᠯᠡᠳᠬᠦ ᠲᠦᠷᠦᠯ ᠵᠦᠢᠯ᠂  ᠰᠧᠨ ᠴᠢᠶᠠ ᠠᠮᠢᠳᠤ ᠪᠣᠳᠠᠰ ᠤᠨ ᠬᠠᠲᠠᠭᠤ ᠪᠡᠶᠡᠲᠦ ᠲᠦᠯᠡᠰᠢ  ᠪᠠ ᠲᠡᠵᠢᠭᠡᠯ ᠪᠣᠷᠳᠤᠭ᠎ᠠ ᠡᠳ᠋ᠰᠢᠭᠦᠯᠬᠦ ᠲᠥᠷᠥᠯ ᠵᠦᠢᠯ ᠨᠢ ᠠᠰᠢᠭᠯᠠᠯᠲᠠ ᠳᠤ ᠤᠷᠤᠵᠤ᠂  ᠵᠢᠶᠦ᠋ᠨ ᠷᠦᠢ ᠪᠠᠯ ᠴᠢᠯᠠᠭᠤ ᠪᠤᠯᠪᠠᠰᠤᠷᠠᠭᠤᠯᠬᠤ ᠲᠦᠷᠦᠯ ᠵᠦᠢᠯ᠂ ᠵᠥᠩ ᠾᠦᠢ ᠰᠠᠯᠬᠢᠨ ᠰᠠᠩᠰᠠᠨ  ᠤ  ᠲᠦᠬᠦᠭᠡᠷᠦᠮᠵᠢ ᠦᠢᠯᠡᠳᠪᠦᠷᠢᠯᠡᠬᠦ ᠲᠥᠷᠥᠯ ᠵᠦᠢᠯ ᠨᠢ ᠦᠢᠯᠡᠳᠪᠦᠷᠢᠯᠡᠯ ᠤᠨ ᠨᠥᠬᠦᠴᠡᠯ  ᠪᠦᠷᠢᠯᠳᠦᠬᠦᠯᠵᠦ᠂  ᠺᠠᠢ ᠳ᠋ᠠ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠨᠠᠷᠢᠯᠢᠭ ᠭᠦᠨᠵᠡᠭᠡᠢ ᠡᠳ᠋ᠰᠢᠭᠦᠯᠬᠦ ᠲᠦᠷᠦᠯ ᠵᠦᠢᠯ᠂  ᠠᠵᠤ ᠦᠢᠯᠡᠳᠪᠦᠷᠢ ᠶᠢᠨ ᠲᠣᠭᠤᠷᠢᠭ ᠤᠨ ᠪᠤᠬᠢᠷᠳᠤᠯ ᠦᠬᠡᠢ ᠴᠠᠬᠢᠯᠭᠠᠨ ᠤ ᠲᠦᠷᠦᠯ ᠵᠦᠢᠯ᠂  ᠹᠦ᠋ ᠱᠢ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ ᠬᠤᠸᠠ ᠬᠤᠶ ᠵᠢᠯ ᠳᠤ 6 ᠲᠦᠮᠡᠨ ᠲᠣᠨ ᠴᠠᠪᠠᠤ ᠭᠤᠮ ᠦᠢᠯᠡᠳᠪᠦᠷᠢᠯᠡᠬᠦ ᠲᠦᠷᠦᠯ ᠵᠦᠢᠯ᠂ ᠮᠧᠩ ᠴᠠᠩ ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ ᠲᠦᠷᠦᠯ ᠵᠦᠢᠯ᠂  ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ  ᠤᠨ ᠪᠦᠳᠦᠭᠡᠨ ᠪᠠᠶᠢᠭᠤᠯᠤᠯᠳᠠ ᠲᠦᠷᠭᠡᠰᠦᠨ ᠂  ᠬᠤᠸᠠ ᠷᠦᠨ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠵᠦᠩ ᠾᠧ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ ᠬᠡᠯᠪᠡᠷᠢ ᠶᠢᠨ  ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠱᠧᠨ ᠨᠧᠩ  1.44 ᠰᠠᠶ᠎ᠠ ᠸᠠᠲ ᠤᠨ ᠬᠡᠷᠡᠯ ᠴᠡᠨᠡᠭ ᠤᠨ ᠲᠦᠷᠦᠯ ᠵᠦᠢᠯ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ᠂  ᠴᠠᠭᠠᠰᠤ ᠰᠦᠯᠢᠶᠥᠦ ᠶᠢᠨ ᠲᠣᠭᠤᠷᠢᠭ ᠤᠨ ᠬᠠᠶᠠᠭᠳᠠᠮᠠᠯ ᠤᠰᠤ ᠰᠢᠢᠳᠪᠦᠷᠢᠯᠡᠬᠦ ᠥᠷᠲᠡᠭᠡ ᠠᠰᠢᠭᠯᠠᠯᠲᠠ ᠳᠤ ᠣᠷᠣᠵᠤ ᠂ ᠴᠠᠬᠢᠯᠭᠠᠨ ᠬᠦᠴᠦᠨ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠴᠡᠪᠡᠷᠰᠢᠬᠦᠯᠬᠦ ᠵᠡᠷᠭᠡ ᠶᠢᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠬᠦ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠠᠵᠢᠯ ᠡᠬᠢᠯᠡᠭᠡᠳ᠂  ᠤᠷᠤᠨ ᠲᠣᠭᠤᠷᠢᠭ ᠤᠨ ᠦᠨᠳᠦᠰᠦᠨ ᠴᠢᠳᠠᠮᠵᠢ  ᠤᠯᠠᠮ ᠲᠡᠬᠦᠯᠳᠡᠷᠵᠢᠵᠦ᠂  ᠲᠠᠭᠠᠭᠠᠴᠠ ᠴᠢᠳᠠᠪᠤᠷᠢ  ᠲᠠᠰᠤᠷᠠᠯᠲᠠ ᠦᠭᠡᠢ  ᠲᠡᠭᠡᠭᠰᠢᠯᠡᠪᠡ᠃  ︽ᠲᠠᠯ᠎ᠠ ᠨᠤᠳᠤᠭ ᠤᠨ ᠸᠠᠩ︾ ᠬᠠᠷ᠎ᠠ ᠠᠷᠢᠬᠢ ᠨᠢ ᠤᠯᠤᠰ ᠤᠨ ᠲᠦᠷᠦᠬᠦᠦ ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ ᠪᠠᠯᠭᠠᠰᠤᠨ︾   ᠤ ᠲᠠᠸᠠᠷ ᠤᠨ ᠨᠡᠷᠡᠳᠦ ᠲᠡᠮᠳᠡᠭ ᠤᠨ ᠦᠨ᠎ᠡ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠵᠤ᠂ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠨᠢ ᠪᠥᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠬᠡᠷᠡᠭᠯᠡᠭᠡᠨ ᠤ ᠰᠢᠯᠢᠳᠡᠭ ᠠᠵᠤ ᠠᠬᠤᠶᠢᠯᠠᠯ ᠢᠶᠠᠷ ᠰᠣᠩᠭᠤᠭᠳᠠᠨ᠂ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠨᠢ ᠪᠥᠬᠦ ᠠᠶᠢᠮᠠᠭ ᠤᠨ ︽ᠲᠤᠰᠬᠠᠢ ᠨᠠᠷᠢᠯᠢᠭ ᠣᠨᠴᠠ ᠰᠢᠨ᠎ᠡ︾   ᠶᠢᠨ ᠰᠢᠯᠢᠳᠡᠭ ᠠᠵᠤ ᠠᠬᠤᠶᠢᠯᠠᠯ ᠢᠶᠠᠷ  ᠰᠤᠩᠭᠤᠭᠳᠠᠵᠤ᠂ ᠪᠤᠤᠴᠠᠩ ᠤᠨ ᠠᠵᠤ ᠦᠢᠯᠡᠰ ᠤᠨ ᠬᠦᠷᠢᠶᠡᠯᠡᠩ ᠨᠢ ᠪᠥᠬᠦ ᠠᠶᠢᠮᠠᠭ ᠤᠨ ᠰᠢᠯᠢᠳᠡᠭ ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠦᠨᠡᠯᠡᠭᠳᠡᠨ᠂ 1 ᠡᠷᠦᠬᠡ ᠠᠭᠤᠷᠬᠠᠢ ᠶᠢᠨ ᠠᠵᠤ ᠠᠬᠤᠶᠢᠯᠠᠯ ᠨᠢ ᠪᠥᠬᠦ ᠠᠶᠢᠮᠠᠭ ᠤᠨ ᠲᠤᠭ᠎ᠠ ᠪᠦᠷᠢᠳᠭᠡᠯ ᠳᠤ ᠤᠷᠤᠭᠤᠯᠬᠤ ᠰᠢᠯᠢᠳᠡᠭ ᠠᠵᠤ ᠠᠬᠤᠶᠢᠯᠠᠯ ᠢᠶᠠᠷ ᠦᠨᠡᠯᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠬᠦᠭᠵᠢᠭᠰᠡᠨ᠃ ᠪᠥᠬᠦ ᠵᠢᠯ ᠳᠤ 32 ᠲᠦᠮᠡᠨ ᠵᠢᠭᠤᠯᠴᠢᠯᠠᠭᠴᠢ ᠶᠢ ᠤᠭᠳᠤᠨ ᠵᠤᠴᠢᠯᠠᠵᠤ᠂ ᠵᠢᠭᠤᠯᠴᠢᠯᠠᠯ ᠤᠨ ᠬᠡᠷᠡᠭᠯᠡᠭᠡ ᠶᠢ ᠲᠠᠶᠢᠴᠢᠯᠠᠵᠤ  1.2 ᠳ᠋ᠦᠩᠰᠢᠭᠤᠷ ᠲᠥᠭᠦᠷᠢᠭ ᠲᠤ ᠬᠦᠷᠭᠡᠵᠡᠢ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠲᠥᠪ᠂  ᠵᠢᠭᠤᠯᠴᠢᠯᠠᠭᠴᠢᠳ ᠢ ᠲᠥᠪᠯᠡᠷᠡᠭᠦᠯᠦᠨ ᠲᠠᠷᠬᠠᠭᠠᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂  ᠳ᠋ᠦᠩ ᠵᠢᠶᠤᠤ ᠪᠥᠬᠦ ᠠᠷᠠᠳ  ᠢᠶᠠᠷ ᠢᠶᠠᠨ ᠴᠢᠭᠢᠷᠠᠭᠵᠢᠬᠤ ᠬᠦᠳᠡᠯᠪᠦᠷᠢ ᠶᠢᠨ ᠲᠥᠪ ᠤᠨ ᠭᠤᠣᠯ ᠴᠣᠭᠴᠠ ᠶᠢᠨ ᠪᠠᠷᠢᠯᠭ᠎ᠠ ᠦᠨᠳᠦᠰᠦᠨ ᠳᠡᠭᠡᠨ ᠠᠵᠢᠯ ᠲᠠᠭᠤᠰᠴᠤ᠂  ᠠᠳᠤᠭᠤᠳᠤ  ᠪᠠᠯᠭᠠᠰᠤᠨ ᠤ ᠠᠮᠠᠷᠠᠯᠲᠠ ᠵᠢᠭᠤᠯᠴᠢᠯᠠᠯ ᠤᠨ ᠣᠷᠣᠨ ᠠᠰᠢᠭᠯᠠᠯᠲᠠ ᠳᠤ ᠣᠷᠣᠵᠤ ᠂  ᠬᠠᠭᠠᠨ ᠤ ᠠᠳᠤᠭᠤᠨ ᠵᠤᠰᠠᠭᠠᠯ ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ   ᠤᠨ ᠲᠥᠷᠥᠯ ᠵᠦᠢᠯ ᠵᠡᠷᠭᠡ ᠨᠢ ᠯᠠᠪᠳᠠᠭᠤᠨ ᠢᠶᠠᠷ ᠠᠬᠢᠵᠠᠢ᠃ ︽ ᠪᠠᠶᠠᠰᠤᠯᠳᠤ ᠬᠤᠷᠸ᠎ᠠ︾ ᠰᠤᠶᠤᠯ ᠤᠨ ᠰᠤᠯᠢᠯᠴᠠᠭᠠᠨ ᠤ ᠴᠤᠭᠯᠠᠭᠠᠨ᠂ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠳᠠᠭᠤᠤ ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂  ᠶᠠᠩ ᠭᠤᠸᠠᠩ ᠭᠸᠦ ᠡᠤ ᠰᠤᠪᠠᠭ ᠤᠨ ᠡᠳ᠋ ᠪᠠᠷᠠᠭᠠᠨ ᠤ ᠬᠤᠳᠠᠯᠳᠤᠭ᠎ᠠ  ᠂ ᠰᠢᠯᠢ ᠶᠢᠨ ᠭᠤᠣᠯ ᠠᠶᠢᠮᠠᠭ ᠤᠨ ᠠᠷᠪᠠᠨ ᠵᠢᠷᠭᠤᠳᠤᠭᠠᠷ ᠬᠤᠭᠤᠴᠠᠭᠠᠨ ᠤ  ᠮᠤᠩᠭᠤᠯ ᠪᠥᠬᠡ ᠶᠢᠨ ᠴᠤᠯᠠ ᠤᠯᠭᠤᠬᠤ ᠨᠠᠶᠢᠷ  ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠵᠡᠷᠭᠡ ᠰᠣᠶᠣᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ ᠡᠷᠭᠢᠯᠡᠵᠦ᠂ ︽ ᠼᠦᠩ ᠯᠢ ᠳᠤ ᠨᠠᠭᠠᠳᠤᠭᠠᠳ ᠲᠠᠶᠢᠹᠤᠰᠧ ᠳᠤ  ᠵᠢᠭᠤᠯᠴᠢᠯᠠᠬᠤ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠴᠤᠭᠯᠠᠭᠠᠨ ᠵᠢᠴᠢ ᠰᠢᠷᠢᠰ ᠠᠵᠢᠯᠯᠠᠭ᠎ᠠ ᠶᠢ ᠡᠬᠢᠯᠡᠭᠦᠯᠪᠡ᠃  ᠲᠠᠶᠢᠹᠤᠰᠧ ᠨᠤᠳᠤᠭ ᠤᠨ ᠪᠤᠳᠠᠰ ᠤᠨ ᠪᠤᠰᠤ ᠰᠣᠶᠣᠯ ᠤᠨ ᠥᠪ ᠤᠨ ᠨᠢᠬᠡ ᠪᠤᠯᠬᠤ  ᠶᠢᠦᠮᠠᠢ ᠶᠢᠨ ᠭᠤᠯᠢᠷ ᠤᠨ ᠠᠮᠲᠠᠲᠤ ᠢᠳᠡᠭᠡᠨ ᠨᠢ ᠲᠥᠪ ᠲᠧᠯᠸᠢᠰ ᠤᠨ ︽ᠮᠢᠩᠭᠠᠨ ᠵᠢᠯ ᠤᠨ ᠠᠮᠲᠠᠲᠤ ᠬᠤᠭᠤᠯᠠ︾ ᠪᠤᠯᠤᠩ ᠳᠤ ᠰᠣᠩᠭᠤᠭᠳᠠᠨ ᠣᠷᠣᠵᠤ᠂ ︽ ᠴᠡᠴᠡᠭ ᠤᠨ ᠬᠦᠷᠢᠶᠡᠯᠡᠩ  ᠤᠨ ᠵᠢᠷᠭᠠᠯᠲᠤ  ᠪᠤᠯᠵᠤᠭ᠎ᠠ︾ ᠠᠮᠠᠷᠠᠯᠲᠠ ᠶᠢᠨ ᠠᠶᠠᠯᠠᠯ ᠨᠢ ︽ᠥᠪᠥᠷ ᠮᠣᠩᠭᠤᠯ ᠤᠨ ᠳᠥᠷᠪᠡᠨ ᠤᠯᠠᠷᠢᠯ ᠤᠨ ᠪᠡᠶᠡᠴᠢᠯᠡᠨ ᠤᠶᠢᠯᠠᠭᠠᠬᠤ  ᠬᠡᠯᠪᠡᠷᠢᠳᠦ ᠵᠢᠭᠤᠯᠴᠢᠯᠠᠯ ᠤᠨ ᠪᠦᠳᠦᠭᠡᠭᠳᠡᠬᠦᠨ︾ ᠳᠤ ᠰᠣᠩᠭᠤᠭᠳᠠᠨ ᠤᠷᠤᠭᠰᠠᠨ ᠪᠦᠭᠡᠳ  ︽ᠠᠳᠤᠭᠤᠳᠤ ᠪᠠᠯᠭᠠᠰᠤ︾ ᠠᠮᠠᠷᠠᠯᠲᠠ ᠵᠢᠭᠤᠯᠴᠢᠯᠠᠯ ᠤᠨ ᠣᠷᠣᠨ ᠨᠢ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂  ︽ ᠶᠢᠨ ᠬᠠᠢ︾  ᠬᠠᠳᠠᠭᠠᠭᠰᠠᠨ ᠪᠤᠷᠴᠠ᠂  ︽ᠲᠠᠯ᠎ᠠ ᠶᠢᠨ ᠸᠠᠩ︾  53 ᠭᠷᠡᠳᠦ᠋ᠰ ᠤᠨ ᠬᠠᠷ᠎ᠠ ᠠᠷᠢᠬᠢ᠂ ᠬᠤᠩ ᠵᠢᠩ ᠶᠤᠸᠠᠨ ᠶᠠᠮᠠ ᠶᠢᠨ ᠦᠷ᠎ᠡ ᠶᠢᠨ ᠲᠣᠰᠣᠨ ᠤ ᠰᠢᠷᠢᠰ ᠪᠦᠲᠦᠭᠡᠭᠳᠡᠬᠦᠨ ᠨᠢ 2024 ᠣᠨ ᠤ ︽ᠰᠢᠯᠢ ᠶᠢᠨ ᠭᠤᠣᠯ ᠤᠨ ᠭᠠᠷ ᠤᠨ ᠪᠡᠯᠡᠭ︾ ᠤᠨ  ᠵᠢᠭᠰᠠᠭᠠᠯᠲᠠ ᠳᠤ ᠤᠷᠤᠵᠠᠢ᠃  ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠴᠡᠴᠡᠭᠯᠡᠨ ᠬᠥᠭᠵᠢᠵᠦ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ 3 ᠵᠠᠮ ᠱᠤᠭᠤᠮ ᠢ ᠪᠥᠬᠦ ᠲᠠᠯ᠎ᠠ ᠪᠠᠷ ᠨᠡᠪᠳᠡᠷᠡᠬᠦᠯᠦᠨ᠂ ᠲᠦᠷᠭᠡᠨ ᠬᠦᠷᠭᠡᠯᠲᠡ ᠶᠢᠨ ᠡᠳ᠋ ᠪᠠᠷᠠᠭ᠎ᠠ 488 ᠲᠦᠮᠡᠨ ᠬᠤᠪᠢ ᠳᠤ ᠬᠦᠷᠴᠦ᠂  ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠤᠨ ᠬᠤᠶᠠᠳᠤᠭᠠᠷ ᠬᠤᠭᠤᠴᠠᠭ᠎ᠠ᠂ ᠡᠯᠧᠺᠲᠷᠣᠨ ᠬᠤᠳᠠᠯᠳᠤᠭᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠠᠰᠢᠭᠯᠠᠯᠲᠠ ᠳᠤ ᠤᠷᠤᠭᠠᠳ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 9.4 ᠳ᠋ᠦᠩᠰᠢᠭᠤᠷ ᠲᠥᠭᠦᠷᠢᠭ ᠲᠤ ᠬᠦᠷᠴᠡᠢ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ 28 ᠪᠣᠯᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰᠪᠤᠷᠢ 97.6 ᠳ᠋ᠦᠩᠰᠢᠭᠤᠷ ᠲᠥᠭᠦᠷᠢᠭ ᠪᠠ 87.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂  9.2 % ᠪᠠ 19.8 % ᠪᠠᠷ ᠨᠡᠮᠡᠭᠳᠡᠭᠰᠡᠨ ᠪᠠᠶᠢᠨ᠎ᠠ᠃        ︵ᠬᠤᠶᠠᠷ︶ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠴᠢᠩᠭᠠᠷᠠᠭᠤᠯᠪᠠ᠃ ᠭᠤᠣᠯᠳᠠᠯᠭ᠎ᠠ ᠲᠠᠢ ᠲᠦᠷᠦᠯ ᠵᠦᠢᠯ ᠢ  ᠲᠦᠷᠭᠡᠳᠭᠡᠨ ᠠᠬᠢᠭᠤᠯᠤᠭᠰᠠᠨ᠃ ᠲᠦᠷᠦᠯ ᠵᠦᠢᠯ ᠢ ᠶᠡᠬᠡᠪᠡᠷ ᠠᠳᠬᠤᠬᠤ᠂ ᠲᠣᠮᠣ ᠲᠦᠷᠦᠯ ᠵᠦᠢᠯ ᠢ ᠠᠳᠬᠤᠬᠤ ᠶᠢ ᠪᠠᠷᠢᠮᠲᠠᠯᠠᠵᠤ ᠂ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠬᠦ ᠶᠢ ᠪᠦᠬᠦ ᠬᠦᠴᠦᠨ ᠢᠶᠠᠷ ᠠᠬᠢᠭᠤᠯᠤᠨ ᠂ ᠪᠦᠬᠦ ᠵᠢᠯ ᠳᠤ 56 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠵᠢᠯ ᠤᠨ ᠪᠡᠯᠡ ᠣᠷᠣᠭᠤᠯᠤᠯᠲᠠ 20 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6 %   ᠪᠠᠷ ᠨᠡᠮᠡᠭᠳᠡᠭᠡᠳ᠂  ᠨᠡᠮᠡᠭᠳᠡᠯ ᠢ ᠲᠤᠭᠳᠠᠪᠤᠷᠢᠵᠢᠭᠤᠯᠬᠤ  ᠂ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠴᠢᠩᠭᠠᠳᠬᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠠᠮᠵᠢᠯᠳᠠ ᠤᠯᠤᠭᠰᠠᠨ᠃ ︽ᠡᠭᠦᠷ ᠪᠠᠷᠢᠵᠤ ᠭᠠᠷᠤᠳᠢ ᠤᠷᠢᠬᠤ︾ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ 8 ᠵᠤᠷᠪᠤᠰ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ ᠣᠨᠣᠴᠠᠲᠠᠢ ᠪᠠᠷ ᠲᠦᠯᠦᠪᠯᠡᠨ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠡᠷᠢᠭᠦᠨ ᠤ ᠨᠡᠬᠦᠷᠡᠰᠦᠨ ᠤ ᠮᠠᠲ᠋ᠧᠷᠢᠶᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠬᠢᠯᠡᠨ᠂ ᠳᠤᠮᠳᠠᠳᠤ ᠤᠯᠤᠰ ︵ᠴᠢᠩᠳᠣᠣ︶ ᠤᠨ ᠯᠢᠲ᠋ᠢ ᠴᠠᠬᠢᠯᠭᠠᠨ ᠤ ᠪᠢᠯᠢᠭ ᠲᠤᠶᠢᠯ ᠤᠨ ᠮᠠᠲ᠋ᠧᠷᠢᠶᠠᠯ ᠤᠨ ᠮᠡᠷᠭᠡᠵᠢᠯ ᠤᠨ ᠶᠡᠭᠡ ᠬᠤᠷᠠᠯ ᠳᠤ ᠲᠤᠰᠬᠠᠢ ᠰᠡᠳᠦᠪᠲᠦ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠵᠦ᠂ ︽ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ︾ ᠠᠷᠭ᠎ᠠ ᠪᠠᠷ 360 ᠭᠠᠷᠤᠢ ᠠᠵᠤ ᠠᠬᠤᠶᠢᠯᠠᠯ ᠲᠠᠢ ᠵᠤᠯᠭᠠᠭᠤᠯᠤᠨ᠂ 17 ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠭᠲᠠᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠪᠡᠯᠡ ᠮᠥᠩᠭᠦ 10.9 ᠳ᠋ᠦᠩᠰᠢᠭᠤᠷ ᠲᠥᠭᠦᠷᠢᠭ ᠲᠤ ᠬᠥᠷᠪᠡ᠃   ᠸᠧᠢ ᠪᠸᠢ ᠳ᠋ᠧ ᠬᠢᠮᠡᠯ ᠠᠯᠮᠠᠰ  ᠤᠨ ᠲᠦᠷᠦᠯ ᠵᠦᠢᠯ᠂  ᠵᠦᠩ ᠾᠧ ᠹᠣᠰᠹᠣᠷ ᠬᠦᠴᠢᠯ ᠲᠡᠮᠦᠷ ᠯᠢᠲ᠋ᠢ ᠶᠢᠨ ᠡᠶᠡᠷᠭᠦ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ   ᠢ ᠭᠠᠷ ᠤᠨ ᠦᠰᠦᠭ ᠵᠢᠷᠤᠭᠰᠠᠨ ᠠᠴᠠ ᠠᠪᠤᠭᠠᠳ ᠰᠠᠷ᠎ᠠ ᠪᠤᠯᠤᠭᠰᠠᠨ ᠦᠬᠡᠢ ᠪᠠᠷ ᠪᠦᠬᠦ ᠭᠠᠷᠳᠠᠮ  ᠢ  ᠬᠦᠢᠴᠡᠳᠭᠡᠨ ᠪᠠᠷᠢᠯᠭ᠎ᠠ ᠡᠬᠢᠯᠡᠬᠦᠯᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠭᠰᠡᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠥᠷᠪᠡ ᠶᠢ ᠭᠦᠢᠴᠡᠳᠬᠡᠬᠦ︾ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠯᠡ ᠤᠳᠠᠭ᠎ᠠ ᠳᠤ ᠬᠦᠢᠴᠡᠳᠭᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠥᠬᠦ  ᠶᠠᠪᠤᠴᠠ᠂ ᠪᠥᠬᠦ ᠭᠤᠭᠴᠤᠭ᠎ᠠ ᠶᠢ ᠰᠦᠯᠵᠢᠶᠡᠨ ᠳᠡᠭᠡᠷ᠎ᠡ  ᠬᠦᠢᠴᠡᠳᠭᠡᠨ᠂  ︽ᠨᠢᠭᠡ ᠯᠠ ᠤᠳᠠᠭ᠎ᠠ ᠳᠤ ᠭᠦᠢᠴᠡᠳᠬᠡᠬᠦ︾ ᠵᠦᠢᠯᠡᠰ  17845  ᠬᠤᠪᠢ᠂ ᠣᠷᠣᠯᠠᠨ ᠭᠦᠢᠴᠡᠳᠬᠡᠬᠦ ᠪᠤᠶᠤ ᠬᠠᠪᠰᠤᠷᠤᠨ ᠭᠦᠢᠴᠡᠳᠬᠡᠬᠦ ᠵᠦᠢᠯᠡᠰ 78 ᠶᠢ ᠪᠡᠶᠡᠯᠡᠭᠦᠯᠪᠡ᠃ ︽ᠬᠤᠶᠠᠷ   ᠢ ᠰᠢᠯᠢᠳᠡᠭᠵᠢᠬᠦᠯᠬᠦ︾   ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ 146 ᠵᠦᠢᠯ ᠤᠨ ᠭᠡᠷᠡᠭ ᠶᠠᠪᠤᠳᠠᠯ ᠳᠤ ᠡᠷᠬᠡ ᠶᠢ ᠳᠣᠷᠣᠭᠰᠢ ᠪᠠᠭᠤᠯᠭᠠᠨ᠂  941 ᠵᠦᠢᠯ  ᠤᠨ ᠬᠦᠢᠴᠡᠳᠭᠡᠬᠦ ᠭᠤᠭᠴᠤᠭ᠎ᠠ ᠶᠢ ᠪᠠᠭᠠᠰᠬᠠᠵᠤ᠂  ᠬᠦᠢᠴᠡᠳᠭᠡᠬᠦ ᠬᠤᠭᠤᠴᠠᠭ᠎ᠠ ᠶᠢ 85% ᠪᠠᠷ ᠪᠤᠭᠤᠨᠢᠰᠬᠠᠪᠠ᠃  ᠤᠯᠤᠰ ᠪᠠ ᠣᠷᠣᠨ ᠤ ᠠᠵᠤ ᠠᠬᠤᠶᠢᠯᠠᠯ ᠢ ᠲᠡᠳᠬᠦᠨ ᠬᠦᠴᠢᠷᠳᠡᠯ ᠢ ᠰᠢᠢᠳᠪᠦᠷᠢᠯᠡᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠰᠦᠢᠳᠬᠡᠯ ᠢ 5000 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃        ︵ᠭᠤᠷᠪᠠ︶ ᠰᠠᠭᠤᠷᠢ ᠶᠢ ᠴᠢᠩᠭᠠᠳᠬᠠᠨ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ  ᠲᠡᠭᠡᠭᠰᠢᠯᠡᠭᠰᠡᠨ᠃ ᠬᠤᠲᠠ ᠪᠠᠯᠭᠠᠰᠤᠨ ᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  7200 ᠲᠦᠮᠡᠨ ᠲᠥᠭᠦᠷᠢᠭ ᠤᠨ ᠪᠡᠯᠡ ᠤᠷᠤᠭᠤᠯᠤᠨ᠂  ᠬᠤᠳᠠ ᠶᠢᠨ ᠲᠤᠭᠤᠷᠢᠭ ᠤᠨ 50 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ ᠠᠷᠠᠴᠢᠯᠠᠨ ᠬᠠᠮᠠᠭᠠᠯᠠᠵᠤ᠂  4.5 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠴᠦ᠂  1.2 ᠲᠦᠮᠡᠨ ᠬᠠᠪᠳᠠᠭᠠᠢ ᠳᠥᠷᠪᠡᠯᠵᠢᠨ ᠮᠧᠲᠷ  ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠨ᠂ ᠤᠰᠤ ᠬᠠᠩᠭᠠᠬᠤ ᠪᠠ ᠪᠣᠷᠣᠭᠠᠨ ᠤ ᠤᠰᠤ ᠪᠤᠬᠢᠷ ᠤᠰᠤ ᠶᠢ ᠰᠠᠯᠭᠠᠬᠤ 10.3 ᠺᠢᠯᠣᠮᠧᠲᠷ  ᠲᠤᠤᠷ ᠬᠤᠭᠤᠯᠠᠢ   ᠶᠢ ᠰᠢᠨᠡᠳᠭᠡᠨ ᠰᠤᠯᠢᠵᠤ᠂ 1 ᠲᠦᠮᠡ ᠭᠠᠷᠤᠢ ᠤᠶᠤᠨᠴᠢ ᠤᠰᠤᠨ ᠬᠡᠮᠵᠢᠭᠦᠷ ᠢ ᠤᠭᠰᠠᠷᠠᠭᠰᠠᠨ ᠪᠦᠭᠡᠳ ᠯᠠᠯᠤ ᠶᠢᠨ ᠰᠦᠮ᠎ᠡ ᠶᠢ ᠨᠡᠭᠦᠯᠭᠡᠨ ᠪᠠᠶᠢᠭᠤᠯᠬᠤ  ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠬᠦᠸᠧ ᠹᠠᠩ ᠪᠠᠷᠠᠭᠤᠨ ᠵᠡᠭᠡᠯᠢ ᠶᠢᠨ ᠠᠭᠤᠳᠠᠮ ᠲᠠᠯᠠᠪᠠᠢ ᠵᠢᠴᠢ ᠲᠡᠷᠭᠡᠨ ᠵᠣᠭᠰᠣᠭᠠᠯ᠂ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠲᠡᠷᠭᠡᠨ ᠵᠣᠭᠰᠣᠭᠠᠯ ᠢ ᠠᠰᠢᠭᠯᠠᠯᠲᠠ ᠳᠤ ᠤᠷᠤᠭᠤᠯᠤᠭᠠᠳ᠂  ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠳᠡᠯᠭᠡᠭᠦᠷ ᠨᠢ ᠠᠩᠬ᠎ᠠ ᠠᠯᠬᠤᠮ ᠤᠨ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠪᠡ ᠃  ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂  ᠶᠠᠩ ᠭᠤᠸᠠᠩ ᠲᠠᠪᠤᠳᠤᠭᠠᠷ ᠬᠤᠭᠤᠴᠠᠭᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ᠂  4 ᠬᠠᠭᠤᠴᠢᠨ ᠰᠠᠭᠤᠭᠠᠯᠢ ᠲᠣᠭᠤᠷᠢᠭ  ᠢ ᠵᠠᠰᠠᠵᠤ ᠰᠢᠨᠡᠳᠭᠡᠬᠦ ᠢᠨᠵᠧᠨᠧᠷᠢᠩ ᠲᠣᠭᠲᠠᠭᠰᠠᠨ ᠬᠤᠭᠤᠴᠠᠭᠠᠨ ᠳᠤ  ᠪᠡᠶᠡᠯᠡᠭᠳᠡᠨ᠂  441 ᠡᠷᠦᠬᠡ ᠶᠢᠨ 520 ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢ ᠨᠤᠷᠠᠭᠠᠵᠤ ᠨᠡᠬᠦᠯᠬᠡᠨ ᠰᠢᠨ᠎ᠡ ᠠᠰᠠᠷ ᠬᠤᠪᠢᠶᠠᠵᠠᠢ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠂ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠭᠦᠨᠵᠡᠭᠡᠢ ᠠᠬᠢᠭᠰᠠᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠬᠦᠯᠵᠦ ᠦᠷᠭᠡᠳᠭᠡᠨ᠂  ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂  103 ᠡᠷᠦᠬᠡ 174 ᠬᠥᠮᠥᠨ ᠤ ᠶᠠᠳᠠᠭᠤᠷᠠᠯ ᠤᠨ ᠲᠦᠭᠰᠢᠬᠦᠷᠢ ᠶᠢ ᠠᠷᠢᠯᠭᠠᠵᠤ ᠬᠢᠨᠠᠨ ᠬᠡᠮᠵᠢᠬᠦ ᠨᠢᠭᠤᠷᠯᠠᠯ ᠠᠴᠠ ᠭᠠᠷᠭᠠᠭᠰᠠᠨ ᠪᠠᠶᠢᠨ᠎ᠠ᠃  ᠡᠯ᠎ᠡ ᠲᠥᠷᠥᠯ ᠤᠨ ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ ᠮᠥᠩᠭᠦ ᠶᠢ 2.1 ᠳ᠋ᠦᠩᠰᠢᠭᠤᠷ ᠲᠥᠭᠦᠷᠢᠭ ᠣᠷᠣᠭᠤᠯᠵᠤ᠂ ᠣᠨᠴᠠᠯᠢᠭᠲᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠵᠡᠷᠭᠡ 53 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ 509  ᠬᠦᠮᠦᠨ ᠳᠤ ᠠᠵᠢᠯ ᠤᠯᠭᠤᠭᠰᠠᠨ ᠤ ᠬᠠᠮᠳᠤ᠂  3440 ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠲᠤᠬᠠᠢ ᠶᠢᠨ ᠭᠠᠵᠠᠷ ᠲᠤᠨᠢ ᠪᠤᠶᠤ ᠰᠢᠯᠵᠢᠭᠦᠯᠦᠨ ᠠᠵᠢᠯ ᠣᠯᠭᠤᠵᠤ᠂  ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠦᠬᠦᠪᠦᠷᠢ 22 ᠲᠦᠮᠡᠨ ᠲᠥᠭᠦᠷᠢᠭ ᠢ ᠲᠠᠷᠬᠠᠭᠠᠵᠠᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠵᠠᠰᠠᠨ ᠰᠠᠶᠢᠵᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠤᠷᠰᠢᠯᠳᠠ ᠶᠢᠨ ᠴᠡᠭ 1 ᠶᠢ ᠪᠠᠶᠢᠭᠤᠯᠤᠨ᠂ 237 ᠡᠷᠦᠬᠡ ᠶᠢᠨ ᠵᠣᠷᠯᠣᠩ ᠳᠤ ᠦᠬᠡᠷᠡᠴᠢᠯᠡᠯᠳᠡ ᠬᠢᠵᠦ᠂ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠨᠡᠶᠢᠭᠡᠮᠴᠢᠯᠡᠭᠰᠡᠨ ᠡᠵᠡᠩᠨᠡᠯᠲᠡ ᠶᠢᠨ ᠦᠢᠯᠡᠴᠢᠯᠡᠭᠡ ᠶᠢ 3 ᠲᠦᠮᠡᠨ ᠤᠳᠠᠭ᠎ᠠ ᠪᠡᠶᠡᠯᠡᠬᠦᠯᠦᠭᠡᠳ᠂ ᠠᠰᠢᠭ ᠭᠥᠷᠳᠡᠭᠰᠡᠨ ᠣᠯᠠᠨ ᠲᠦᠮᠡᠨ 35 ᠲᠦᠮᠡᠨ ᠬᠥᠮᠥᠨ ᠤᠳᠠᠭ᠎ᠠ ᠳᠤ ᠬᠥᠷᠪᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1 ᠂ ᠵᠢᠱᠢᠶ᠎ᠡ ᠦᠵᠡᠭᠦᠯᠬᠦ ᠲᠣᠰᠬᠤᠨ 3᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂  ᠵᠢᠱᠢᠶ᠎ᠡ ᠦᠵᠡᠭᠦᠯᠬᠦ ᠲᠣᠰᠬᠤᠨ 1 ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠦᠭᠡᠳ  ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠨᠢ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂  ᠯᠦᠸᠧ ᠲᠦᠸᠧ ᠱᠠᠨ ᠪᠠᠯᠭᠠᠰᠤᠨ ᠤ ᠵᠠᠩ ᠹᠠᠩ ᠱᠠᠨ ᠲᠣᠰᠬᠤᠨ ᠨᠢ ᠶᠢᠰᠦᠳᠦᠭᠡᠷ ᠪᠦᠯᠦᠭ ᠤᠨ ᠪᠥᠬᠦ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ 2700 ᠭᠠᠷᠤᠢ ᠺᠠᠳ᠋ᠷ ᠪᠠ ᠮᠡᠷᠭᠡᠵᠢᠯ ᠤᠨ ᠠᠵᠢᠯᠲᠠᠨ ᠢ  ᠪᠤᠯᠪᠠᠰᠤᠷᠠᠯ ᠳᠤ ᠤᠷᠤᠯᠴᠠᠭᠤᠯᠤᠨ᠂ ᠡᠯ᠎ᠡ ᠲᠥᠷᠥᠯ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠪᠤᠷᠤᠯᠠᠭᠤᠯᠭ᠎ᠠ 3.5 ᠳ᠋ᠦᠩᠰᠢᠭᠤᠷ ᠲᠥᠭᠦᠷᠢᠭ ᠲᠤ ᠬᠦᠷᠴᠡᠢ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠬᠦᠯᠳᠡᠷᠵᠢᠭᠰᠡᠨ᠃ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  28.9 ᠺᠢᠯᠣᠮᠧᠲᠷ ᠭᠠᠴᠠᠭ᠎ᠠ ᠲᠣᠰᠬᠤᠨ ᠪᠤᠶᠤ ᠠᠶᠢᠯ ᠲᠣᠰᠬᠤᠨ ᠳᠤ ᠨᠡᠪᠳᠡᠷᠡᠬᠦ ᠵᠠᠮ ᠢ ᠪᠠᠶᠢᠭᠤᠯᠤᠨ᠂ 20.4 ᠺᠢᠯᠣᠮᠧᠲᠷ ᠵᠠᠰᠠᠮᠠᠯ ᠵᠠᠮ ᠢ ᠦᠬᠡᠷᠡᠴᠢᠯᠡᠨ ᠰᠠᠶᠢᠵᠢᠷᠠᠭᠤᠯᠵᠤ᠂  ︽304︾ ᠱᠤᠭᠤᠮ ᠤᠨ ᠪᠦᠦ ᠹᠧᠩ ᠬᠡᠰᠡᠭ᠂  ᠰᠢ ᠵᠦᠩ   ᠬᠡᠰᠡᠭ ᠤᠨ ᠭᠤᠣᠯ ᠴᠤᠭᠴᠠ  ᠶᠢᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠭᠰᠡᠨ ᠪᠦᠭᠡᠳ ᠲᠠᠢ ᠰᠢ ᠲᠡᠮᠦᠷ ᠵᠠᠮ ᠤᠨ ᠪᠠᠶᠢᠭᠤᠯᠤᠯᠲᠠ ᠶᠢ ᠡᠬᠢᠯᠡᠭᠦᠯᠵᠦ ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 1  ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 17   ᠶᠢ ᠪᠠᠶᠢᠭᠤᠯᠵᠤ᠂ 18 ᠠᠶᠢᠯ ᠲᠣᠰᠬᠤᠨ᠂ 3103 ᠬᠥᠮᠥᠨ ᠠᠮᠠ ᠶᠢᠨ ᠤᠰᠤ ᠤᠮᠳᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ ᠭᠤᠣᠯ ᠲᠦᠭᠡᠭᠡᠭᠦᠷ ᠲᠣᠣᠷ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠠᠨ ᠳ᠋ᠣᠣ ᠭᠧᠦ ᠶᠢᠨ 110  ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠦᠬᠡᠷᠡᠴᠢᠯᠡᠯᠳᠡ ᠶᠢ ᠲᠠᠭᠤᠰᠬᠠᠨ᠂  ᠱᠤ᠋ ᠭᠤᠸᠠᠩ ᠤᠨ 110  ᠺᠢᠯᠤᠸᠤᠯᠲ ᠤᠨ ᠴᠠᠬᠢᠯᠭᠠᠨ ᠲᠠᠮᠵᠢᠭᠤᠯᠬᠤ   ᠢᠨᠵᠧᠨᠧᠷᠢᠩ ᠢ ᠤᠷᠤᠭᠰᠢᠲᠠᠢ ᠠᠬᠢᠭᠤᠯᠵᠤ᠂ 26.7 ᠺᠢᠯᠣᠮᠧᠲᠷ ᠴᠠᠬᠢᠯᠭᠠᠨ ᠲᠦᠭᠡᠭᠡᠬᠦ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠦᠴᠦᠳᠡᠯ ᠥᠭᠡᠷᠡᠴᠢᠯᠡᠭᠴᠢ 4 ᠶᠢ ᠤᠭᠰᠠᠷᠠᠵᠠᠢ᠃ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ 5G ᠰᠠᠭᠤᠷᠢ ᠥᠷᠲᠡᠭᠡ 133 ᠶᠢ ᠪᠠᠶᠢᠭᠤᠯᠤᠨ᠂ 4G ᠲᠤᠬᠢᠶᠠᠨ ᠤ ᠪᠦᠷᠬᠦᠴᠡ ᠶᠢ 100% ᠳᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ  ᠲᠡᠭᠡᠭᠰᠢᠯᠡᠬᠦᠯᠦᠭᠰᠡᠨ ᠪᠠᠶᠢᠨ᠎ᠠ᠃     ︵ᠳᠥᠷᠪᠡ︶ ᠪᠣᠬᠢᠷᠲᠤᠯ ᠦᠭᠡᠢ ᠬᠦᠭᠵᠢᠬᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ   ᠢ ᠤᠯᠠᠮ ᠠᠴᠠ ᠤᠯᠠᠮ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ  ᠢᠯᠡᠷᠭᠡᠢ ᠠᠮᠵᠢᠯᠳᠠ ᠤᠯᠤᠭᠰᠠᠨ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠬᠦᠴᠦᠳᠡᠢ ᠠᠬᠢᠭᠤᠯᠤᠨ᠂ ᠠᠭᠠᠷ  ᠤᠨ ᠴᠢᠨᠰᠠᠭ᠎ᠠ  ᠰᠢᠯᠢᠳᠡᠭ ᠡᠳᠦᠷ ᠤᠨ ᠲᠤᠭ᠎ᠠ  341 ᠡᠳᠦᠷ ᠲᠤ ᠬᠦᠷᠴᠦ᠂ ᠰᠢᠯᠢᠳᠡᠭ   ᠤᠨ ᠨᠣᠷᠮ᠎ᠠ  93.4% ᠳᠤ ᠬᠥᠷᠪᠡ᠃ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100 % ᠪᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠪᠠᠳᠤᠯᠠᠭᠠᠨ  ᠤ ᠬᠡᠮᠵᠢᠶ᠎ᠡ ᠵᠢᠯ ᠠᠴᠠ ᠵᠢᠯ ᠲᠡᠭᠡᠭᠰᠢᠯᠡᠵᠦ ᠢᠷᠡᠵᠡᠢ᠃   ᠬᠥᠷᠥᠰᠥ ᠰᠢᠷᠣᠢ ᠶᠢᠨ ᠪᠣᠬᠢᠷᠲᠤᠯ ᠢ  ᠦᠨᠳᠦᠰᠦᠨ ᠠᠴᠠ  ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ︽ᠬᠤᠶᠠᠷ ᠢ ᠪᠠᠭᠠᠰᠬᠠᠵᠤ ᠬᠤᠶᠠᠷ ᠢ ᠬᠢᠵᠠᠭᠠᠷᠯᠠᠬᠤ︾ ᠠᠵᠢᠯ  ᠪᠤᠳᠠᠳᠠᠢ ᠦᠷ᠎ᠡ ᠪᠦᠲᠦᠮᠵᠢ ᠣᠯᠵᠤ᠂  ᠭᠡᠷᠡᠭᠯᠡᠯᠳᠡ ᠶᠢᠨ ᠬᠡᠮᠵᠢᠶ᠎ᠡ ᠨᠢ ᠲᠤᠰᠪᠤᠷᠢ 0.6% ᠪᠠ 0.5% ᠪᠠᠷ ᠪᠠᠭᠠᠰᠤᠭᠰᠠᠨ ᠪᠦᠭᠡᠳ  ᠲᠠᠷᠢᠶᠠᠨ ᠭᠠᠵᠠᠷ ᠤᠨ ︽ᠴᠠᠭᠠᠨ ᠤ ᠪᠣᠬᠢᠷᠲᠤᠯ︾ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠡᠬᠡᠬᠦᠯᠦᠨ ᠬᠤᠷᠢᠶᠠᠬᠤ ᠨᠣᠷᠮ᠎ᠠ 91% ᠳᠤ  ᠬᠦᠷᠦᠭᠰᠡᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠯᠠᠪᠳᠠᠭᠤᠨ ᠢᠶᠠᠷ ᠠᠬᠢᠭᠰᠠᠨ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ  ᠤᠨ ᠲᠡᠩᠴᠡᠭᠦᠷᠢ ᠶᠢ ᠪᠠᠳᠤᠯᠠᠬᠤ ᠳᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂ ᠲᠦᠷᠢᠮ ᠲᠣᠭᠲᠠᠭᠠᠯ ᠵᠦᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠪᠡ᠃ ᠪᠦᠬᠦ ᠤᠷᠤᠨ ᠤ ᠴᠤᠷ ᠤᠨ ᠭᠠᠭᠴᠠ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠳᠠ ᠶᠢᠨ ᠲᠥᠷᠥᠯ ᠵᠦᠢᠯ ᠢ ᠠᠮᠵᠢᠯᠳᠠᠳᠠᠢ ᠪᠠᠷ ᠡᠷᠡᠮᠡᠯᠵᠡᠯᠡᠨ ᠤᠯᠤᠭᠰᠠᠨ ᠤ ᠬᠠᠮᠳᠤ᠂ 4.3 ᠲᠦᠮᠡᠨ ᠮᠦ ᠣᠶᠢᠵᠢᠭᠤᠯᠤᠯᠲᠠ ᠶᠢ ᠬᠢᠵᠦ᠂ 2.2 ᠲᠦᠮᠡᠨ ᠮᠦ  ᠭᠠᠵᠠᠷ ᠰᠢᠷᠣᠢ ᠶᠢ ᠵᠠᠰᠠᠨ ᠰᠠᠶᠢᠵᠢᠷᠠᠭᠤᠯᠵᠠᠢ᠃  ᠨᠠᠭᠤᠷ ᠭᠤᠣᠯ   ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ  ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠶᠠᠨ ᠶᠢᠨ ᠭᠧᠦ ᠪᠠᠯᠭᠠᠰᠤᠨ ᠤ ᠴᠢ ᠬᠤᠤ ᠲᠤᠰᠬᠤᠨ ᠤ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ᠂ ᠬᠠᠨ ᠢᠦᠢ ᠶᠢᠩ ᠭᠤᠣᠯ ᠤᠨ ᠦᠶᠡᠷ  ᠰᠡᠷᠭᠡᠶᠢᠯᠡᠬᠦ ᠢᠨᠵᠧᠨᠧᠷᠢᠩ ᠢ  ᠲᠤᠭᠰᠬᠠᠭᠰᠠᠨ ᠤ ᠬᠠᠮᠳᠤ᠂  ᠡᠩ ᠤᠨ ᠣᠶᠢᠵᠢᠭᠤᠯᠤᠯᠲᠠ 2.5 ᠲᠦᠮᠡᠨ ᠮᠤ᠋᠂  ᠠᠷᠠᠴᠢᠯᠠᠨ ᠪᠣᠶᠢᠵᠢᠭᠤᠯᠬᠤ ᠤᠢ ᠰᠢᠭᠤᠢ 10.1 ᠲᠦᠮᠡᠨ ᠮᠤ᠋᠂  ᠬᠦᠨᠦᠬᠡᠯᠳᠦ ᠠᠮᠢᠳᠤ ᠪᠣᠳᠠᠰ  ᠢ ᠰᠡᠷᠭᠡᠶᠢᠯᠡᠨ ᠵᠠᠰᠠᠭᠰᠠᠨ ᠲᠠᠯᠠᠪᠠᠢ 72.8 ᠲᠦᠮᠡᠨ ᠮᠤ᠋   ᠳᠤ ᠬᠦᠷᠪᠡ᠃  ᠠᠭᠤᠯᠠ ᠠᠭᠤᠷᠬᠠᠢ᠂   ᠭᠤᠤ ᠭᠠᠩᠭ᠎ᠠ  ᠶᠢᠨ ᠵᠠᠰᠠᠯᠳᠠ ᠪᠠ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠠᠬᠢᠭᠤᠯᠤᠨ᠂  67. 4 ᠾᠧᠺᠲ᠋ᠠᠷ ᠠᠭᠤᠷᠬᠠᠢ ᠶᠢᠨ ᠵᠠᠰᠠᠯᠲᠠ᠂ 102 ᠾᠧᠺᠲ᠋ᠠᠷ  ᠡᠵᠡᠬᠦᠢ ᠭᠤᠤ ᠭᠠᠩᠭ᠎ᠠ ᠶᠢᠨ ᠵᠠᠰᠠᠯᠲᠠ ᠶᠢ ᠬᠢᠵᠦ᠂   7.9 ᠾᠧᠺᠲ᠋ᠠᠷ ᠠᠭᠤᠷᠬᠠᠢ ᠶᠢᠨ  ᠨᠦᠬᠡ ᠶᠢ  ᠲᠡᠭᠰᠢᠯᠡᠵᠦ ᠰᠡᠷᠬᠦᠭᠡᠭᠰᠡᠨ ᠤ ᠬᠠᠮᠲᠤ᠂  ᠠᠶᠢᠮᠠᠭ ᠤᠨ ᠰᠢᠯᠭᠠᠨ ᠪᠠᠶᠢᠴᠠᠭᠠᠯᠳᠠ ᠶᠢ ᠠᠮᠵᠢᠯᠳᠠᠳᠠᠢ ᠦᠩᠭᠡᠷᠡᠭᠡᠵᠦ᠂  ᠮᠠᠨ ᠲᠸᠦ ᠱᠠᠨ ᠤ ᠴᠣᠬᠤᠢ ᠶᠢᠨ ᠴᠢᠯᠠᠭᠤᠯᠢᠭ ᠤᠨ ᠠᠭᠤᠷᠬᠠᠢ  ᠨᠢ  ᠪᠥᠬᠦ ᠠᠶᠢᠮᠠᠭ ᠤᠨ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠰᠢᠯᠢᠳᠡᠭ ᠨᠡᠷᠡᠰ ᠲᠤ ᠤᠷᠤᠵᠠᠢ᠃ ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ  ᠂  ᠲᠥᠪ ᠤᠨ ᠬᠤᠶᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ  ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠯ ᠤᠨ ᠡᠬᠦᠷᠭᠡ ᠪᠠᠨ ᠴᠢᠨᠠᠷ ᠰᠠᠶᠢᠳᠠᠢ ᠪᠡᠶᠡᠯᠡᠬᠦᠯᠦᠭᠰᠡᠨ ᠪᠠᠶᠢᠨ᠎ᠠ᠃      ︵ᠲᠠᠪᠤ︶ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠨᠡᠶᠢᠭᠡᠮ ᠤᠨ ᠦᠢᠯᠡᠰ ᠢ ᠲᠣᠭᠲᠠᠭᠤᠨ ᠢᠶᠠᠷ ᠬᠦᠭᠵᠢᠬᠦᠯᠪᠡ  ᠃ ᠠᠷᠠᠳ ᠤᠨ ᠠᠮᠢᠳᠤᠷᠠᠯ ᠤᠨ ᠪᠠᠲᠤᠯᠠᠭ᠎ᠠ ᠲᠣᠭᠲᠠᠭᠤᠨ ᠢᠶᠠᠷ ᠴᠢᠩᠭᠠᠷᠠᠭᠰᠠᠨ᠃  ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠦᠳᠦᠭᠡᠬᠦ ᠶᠢ ᠠᠬᠢᠭᠤᠯᠬᠤ᠂ ᠠᠵᠢᠯ ᠣᠯᠬᠤ ᠳᠤ ᠬᠦᠴᠢᠷᠲᠡᠢ ᠬᠥᠮᠥᠰ ᠢ ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ ᠵᠡᠷᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 1.4 ᠲᠦᠮᠡᠨ ᠠᠵᠢᠯ ᠤᠨ ᠪᠠᠶᠢᠷᠢ ᠡᠯᠰᠡᠨ  ᠂ ᠬᠤᠲᠠ ᠪᠠᠯᠭᠠᠰᠤᠨ ᠤ 835 ᠬᠥᠮᠥᠨ ᠳᠤ ᠰᠢᠨ᠎ᠡ ᠪᠠᠷ ᠠᠵᠢᠯ ᠣᠯᠭᠤᠵᠤ᠂ 774 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠬᠦᠰᠦᠭᠰᠡᠨ346 ᠬᠥᠮᠥᠨ ᠳᠤ ᠠᠵᠢᠯ ᠤᠯᠭᠤᠭᠠᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.2 %  ᠳᠣᠲᠣᠷ᠎ᠠ ᠬᠢᠵᠠᠭᠠᠷᠯᠠᠵᠤ᠂  1478 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠭᠡ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠳᠤ ᠤᠷᠤᠬᠤ ᠵᠤᠬᠢᠰᠳᠠᠢ ᠪᠤᠯ ᠪᠦᠬᠦᠨ ᠢ ᠤᠷᠤᠭᠤᠯᠵᠤ  ᠂ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ 515.6 ᠲᠦᠮᠡᠨ ᠲᠥᠭᠦᠷᠢᠭ ᠢ ᠲᠠᠷᠬᠠᠭᠠᠨ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠨᠥᠬᠦᠪᠦᠷᠢ ᠮᠥᠩᠭᠦ   ᠶᠢ 1.25 ᠳ᠋ᠦᠩᠰᠢᠭᠤᠷ ᠲᠥᠭᠦᠷᠢᠭ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ ᠮᠥᠩᠭᠦ ᠵᠢᠴᠢ ᠠᠰᠠᠷᠠᠨ ᠬᠠᠷᠠᠭᠠᠯᠵᠠᠬᠤ  ᠨᠢᠭᠤᠷᠯᠠᠯ ᠤᠨ ᠠᠮᠢᠳᠤᠷᠠᠯ ᠤᠨ ᠨᠥᠬᠦᠪᠦᠷᠢ ᠶᠢ 1362 ᠲᠦᠮᠡᠨ ᠲᠥᠭᠦᠷᠢᠭ ᠲᠠᠷᠬᠠᠭᠠᠨ᠂  ︽ᠭᠤᠷᠪᠠᠨ ᠳᠠᠪᠬᠤᠷ ᠪᠠᠲᠤᠯᠠᠭ᠎ᠠ︾ ᠶᠢᠨ ᠰᠠᠭᠤᠷᠢ ᠮᠥᠩᠭᠦ ᠶᠢᠨ ᠵᠠᠷᠤᠯᠭ᠎ᠠ 2.87 ᠳ᠋ᠦᠩᠰᠢᠭᠤᠷ ᠲᠥᠭᠦᠷᠢᠭ ᠲᠤ ᠬᠦᠷᠴᠦ᠂  26.6 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃ ᠰᠤᠷᠭᠠᠨ ᠬᠥᠮᠦᠵᠢᠯ ᠤᠨ ᠰᠠᠭᠤᠷᠢ ᠦᠷᠭᠦᠯᠵᠢᠯᠡᠨ ᠰᠠᠶᠢᠵᠢᠷᠠᠭᠰᠠᠨ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠪᠠ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠬᠤ ᠨᠣᠷᠮ᠎ᠠ ᠲᠤᠰᠪᠤᠷᠢ  85 % ᠪᠠ 97% ᠳᠤ  ᠬᠦᠷᠴᠦ᠂ ᠭᠤᠣᠯᠳᠠᠯᠭ᠎ᠠ ᠲᠠᠢ ᠣᠷᠣᠨ ᠪᠦᠰᠡ ᠳᠤ  ᠬᠡᠦᠬᠡᠳ ᠤᠨ ᠴᠡᠴᠡᠷᠯᠢᠭ  ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠬᠦᠯᠪᠡ᠃  ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂  ᠴᠡᠴᠡᠷᠯᠢᠭ ᠤᠨ ᠰᠤᠷᠭᠠᠨ ᠬᠦᠮᠦᠵᠢᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠭᠡᠷᠡᠭᠯᠡᠵᠡᠢ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ 11 ᠰᠤᠷᠭᠠᠭᠤᠯᠢ ᠳᠤ ᠪᠦᠷ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠦᠷᠨᠢᠬᠦᠯᠦᠨ᠂ ᠰᠣᠷᠣᠭᠴᠢ ᠶᠢᠨ ᠤᠷᠤᠯᠴᠠᠬᠤ ᠨᠣᠷᠮ᠎ᠠ 99% ᠳᠤ ᠬᠥᠷᠪᠡ᠃ ᠪᠠᠭᠰᠢ ᠶᠢᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 42 ᠪᠠᠭᠰᠢ᠂ ᠣᠨᠴᠠᠭᠠᠶ ᠠᠵᠢᠯ ᠤᠨ ᠪᠠᠶᠢᠷᠢ ᠶᠢᠨ 5 ᠪᠠᠭᠰᠢ ᠶᠢ  ᠤᠷᠢᠵᠤ ᠭᠡᠷᠡᠭᠯᠡᠭᠰᠡᠨ ᠪᠦᠭᠡᠳ 6 ᠨᠠᠷᠠᠲᠤ ᠰᠢᠯᠢᠳᠡᠭ ᠪᠠᠭᠰᠢ᠂ ᠴᠠᠩᠫᠢᠩ ᠲᠣᠭᠤᠷᠢᠭ ᠤᠨ 7 ᠰᠢᠯᠢᠳᠡᠭ ᠪᠠᠭᠰᠢ ᠶᠢ ᠤᠷᠢᠵᠤ  ᠰᠤᠷᠭᠠᠨ ᠬᠥᠮᠦᠵᠢᠯ ᠢ ᠲᠡᠮᠵᠢᠬᠦᠯᠦᠨ᠂ 56 ᠪᠠᠭᠰᠢ ᠶᠢ ᠪᠡᠭᠡᠵᠢᠩ ᠳᠤ ᠲᠣᠮᠢᠯᠠᠨ ᠰᠤᠷᠤᠯᠴᠠᠭᠤᠯᠪᠠ᠃ 2 ᠰᠢᠶᠠᠩ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ ᠲᠠᠯᠠᠪᠠᠢ ᠬᠢᠭᠡᠳ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠳᠥᠷᠪᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠠᠰᠢᠭᠯᠠᠯᠲᠠ ᠳᠤ ᠤᠷᠤᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠤᠯᠠᠮ ᠲᠡᠬᠦᠯᠳᠡᠷᠵᠢᠬᠦᠯᠵᠡᠢ᠃ ᠡᠷᠡᠭᠦᠯ ᠬᠠᠮᠠᠭᠠᠯᠠᠯ ᠤᠨ ᠦᠢᠯᠡᠰ ᠯᠠᠪᠳᠠᠭᠤᠨ ᠢᠶᠠᠷ ᠠᠬᠢᠭᠰᠠᠨ᠃  ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠤᠷᠤᠭᠰᠢᠲᠠᠢ ᠠᠬᠢᠭᠤᠯᠤᠨ᠂ 11 ᠰᠠᠭᠤᠷᠢ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 2 ᠰᠠᠭᠤᠷᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 142 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠦᠨᠳᠦᠰᠦᠨ ᠱᠠᠲᠤᠨ ᠤ ᠡᠮᠨᠡᠯᠬᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢ ᠨᠡᠶᠢᠳᠡᠮ ᠪᠦᠷᠬᠦᠭᠦᠯᠪᠡ᠃  ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠵᠢᠴᠢ ᠡᠯ᠎ᠡ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠂ ᠶᠡᠷᠦᠩᠬᠡᠢ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠢ ᠤᠷᠢᠨ ᠲᠤᠮᠢᠯᠠᠭᠰᠠᠨ ᠤ ᠬᠠᠮᠳᠤ  ᠂ 10 ᠨᠡᠷ᠎ᠡ ᠡᠮᠨᠡᠯᠭᠡ ᠶᠢᠨ ᠲᠤᠰᠬᠠᠢ  ᠮᠡᠷᠭᠡᠵᠢᠯᠳᠡᠨ ᠢ ᠤᠷᠢᠨ ᠬᠡᠷᠡᠭᠯᠡᠵᠦ᠂ 9  ᠨᠡᠷ᠎ᠡ  ᠡᠮᠨᠡᠯᠭᠡ ᠶᠢᠨ ᠮᠡᠷᠭᠡᠵᠢᠯ ᠰᠤᠷᠤᠭᠰᠠᠨ ᠰᠣᠷᠣᠭᠴᠢ ᠲᠠᠢ ᠬᠥᠳᠡᠯᠮᠦᠷᠢ ᠦᠢᠯᠡᠴᠢᠯᠡᠭᠡᠨ ᠤ ᠭᠡᠷ᠎ᠡ ᠲᠤᠭᠳᠠᠵᠠᠢ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ ᠶᠢᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠤᠯᠵᠤ ᠲᠡᠰ ᠲᠡᠪᠰᠢᠭᠰᠡᠨ ᠪᠠᠶᠢᠨ᠎ᠠ᠃  ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ 10.6 ᠲᠦᠮᠡᠨ ᠬᠤᠪᠢ ᠪᠠᠶᠢᠭᠤᠯᠤᠭᠠᠳ᠂ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 96.4% ᠳᠤ ᠬᠦᠷᠴᠦ᠂  7140 ᠬᠦᠮᠦᠨ ᠳᠤ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠵᠡᠢ᠃  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ ᠪᠠᠶᠢᠩᠭᠤᠵᠢᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠷᠢ ᠴᠢᠳᠠᠪᠤᠷᠢ ᠤᠯᠠᠮ ᠲᠡᠭᠡᠭᠰᠢᠯᠡᠭᠰᠡᠨ ᠪᠠᠶᠢᠨ᠎ᠠ     ︵ᠵᠢᠷᠭᠤᠭ᠎ᠠ︶ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠠᠷᠢᠮᠳᠠᠯᠠᠵᠤ  ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠠᠳᠤᠯᠠᠪᠠ ᠃ ᠠᠮᠤᠷ ᠲᠦᠪᠰᠢᠨ ᠤ ᠰᠠᠭᠤᠷᠢ ᠶᠢ ᠤᠯᠠᠮ ᠪᠠᠳᠤᠳᠬᠠᠭᠰᠠᠨ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠬᠤᠰᠢᠭᠤ ᠨᠢ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ   ᠦᠨᠡᠯᠡᠭᠳᠡᠭᠡᠳ᠂ ᠦᠨᠳᠦᠰᠦᠲᠡᠨ ᠨᠦᠭᠦᠳ ᠨᠢᠭᠡ ᠭᠡᠷ ᠤᠨ  ᠬᠢᠨ ᠮᠡᠲᠦ ᠨᠢᠬᠳᠠᠷᠠᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠤᠯᠠᠮ ᠪᠠᠬᠢᠵᠢᠭᠦᠯᠦᠨ ᠬᠥᠭᠵᠢᠭᠦᠯᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠤᠰᠤᠯ ᠡ᠊ᠨᠳᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠵᠢᠴᠢ ᠡᠯ᠎ᠡ ᠲᠦᠷᠦᠯ ᠤᠨ ᠲᠤᠰᠬᠠᠢ  ᠴᠡᠭᠴᠡᠯᠡᠯᠳᠡ ᠶᠢᠨ ᠠᠵᠢᠯ ᠢ ᠭᠦᠨᠵᠡᠭᠡᠢ ᠦᠷᠨᠢᠬᠦᠯᠦᠨ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠬᠠᠳᠠᠭᠠᠯᠠᠭᠰᠠᠨ ᠪᠠᠶᠢᠨ᠎ᠠ᠃ ᠤᠯᠤᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ  ᠠᠬᠢᠭᠤᠯᠵᠤ᠂ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃ ᠨᠡᠶᠢᠭᠡᠮ ᠤᠨ ᠵᠠᠰᠠᠯᠲᠠ ᠦᠷᠭᠦᠯᠵᠢᠯᠡᠨ ᠴᠢᠩᠭᠠᠷᠠᠭᠰᠠᠨ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ ᠠᠮᠤᠷ ᠲᠣᠭᠲᠠᠭᠤᠨ ᠤ ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ᠪᠠ ᠵᠥᠷᠢᠴᠡᠯ ᠵᠢᠭᠤᠷᠠᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠢ ᠭᠦᠨᠵᠡᠭᠡᠢ  ᠦᠷᠨᠢᠬᠦᠯᠦᠨ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠬᠦᠢᠴᠡᠳᠭᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠪᠦᠬᠦ ᠵᠢᠯ ᠳᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ᠨᠤᠷᠮ᠎ᠠ 98% ᠳᠤ ᠬᠦᠷᠪᠡ᠃ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠵᠤ᠂  ᠬᠦᠯᠦᠰᠦᠨ ᠠᠵᠢᠯᠴᠢᠨ ᠳᠤ ᠦᠷᠢᠳᠦᠭᠰᠡᠨ 480 ᠲᠦᠮᠡᠨ ᠲᠥᠭᠦᠷᠢᠭ ᠤᠨ ᠴᠠᠯᠢᠩ ᠮᠦᠩᠬᠦ ᠶᠢ ᠨᠡᠬᠡᠮᠵᠢᠯᠡᠨ ᠠᠪᠴᠢᠷᠠᠵᠤ ᠡᠵᠡᠨ  ᠳᠤᠨᠢ ᠤᠯᠭᠤᠵᠠᠢ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ︽ᠲᠦᠷᠪᠡᠨ ᠡᠶᠡᠳᠡᠬᠦᠯᠭᠡ ᠶᠢ ᠠᠭᠤᠰᠤᠯᠴᠠᠭᠤᠯᠬᠤ︾ ᠵᠠᠷᠭᠤ ᠶᠢᠨ ᠢᠷᠡᠯᠲᠡ ᠶᠢ ᠵᠠᠰᠠᠬᠤ ᠠᠷᠭ᠎ᠠ ᠨᠢ 2023 ᠣᠨ ᠤ ᠪᠥᠬᠦ ᠣᠷᠣᠨ ᠤ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠤᠯᠤᠭᠰᠠᠨ ᠪᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠭᠠᠵᠢᠭᠤ  ᠨᠤᠮᠯᠠᠯ ᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠬᠤ᠂ ᠮᠡᠬᠡᠯᠡᠯ ᠢ ᠡᠰᠡᠷᠭᠦᠴᠡᠬᠦ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 3 ᠰᠠᠭᠤᠷᠢ ᠬᠠᠤᠯᠢ ᠪᠤᠰᠤ ᠱᠠᠰᠢᠨ ᠰᠤᠷᠲᠠᠬᠤᠨ ᠤ  ᠲᠠᠯᠠᠪᠤᠷ ᠢ  ᠴᠠᠭᠠᠵᠠᠯᠠᠨ᠂ 223 ᠤᠳᠠᠭᠠᠨ ᠤ ᠠᠮᠤᠷ ᠢ ᠬᠠᠮᠠᠭᠠᠯᠠᠬᠤ ᠬᠠᠤᠯᠢ ᠲᠦᠷᠢᠮ ᠠᠴᠠ ᠵᠦᠷᠢᠴᠡᠭᠰᠡᠨ ᠬᠡᠷᠡᠭ᠂ 38 ᠤᠳᠠᠭᠠᠨ ᠤ ᠱᠠᠯᠢᠭ ᠵᠦᠢᠯ ᠮᠦᠷᠦᠢ ᠲᠠᠢ ᠲᠤᠭᠯᠠᠭᠠᠮ ᠬᠤᠣᠷᠲᠤ ᠡᠳ᠋  ᠳᠤ ᠬᠤᠯᠪᠤᠭᠳᠠᠭᠰᠠᠨ ᠬᠡᠷᠡᠭ ᠢ ᠪᠠᠶᠢᠴᠠᠭᠠᠨ  ᠰᠢᠢᠳᠪᠦᠷᠢᠯᠡᠭᠰᠡᠨ ᠪᠦᠭᠡᠳ 171 ᠤᠳᠠᠭᠠᠨ ᠤ ᠡᠷᠡᠭᠦᠦ ᠶᠢᠨ ᠬᠡᠷᠡᠭ ᠢ ᠢᠯᠡᠷᠡᠭᠦᠯᠵᠦ᠂ 24 ᠤᠳᠠᠭᠠᠨ ᠤ ᠬᠤᠯᠪᠣᠭ᠎ᠠ ᠰᠦᠯᠵᠢᠶᠡᠨ ᠤ ᠮᠡᠭᠡᠯᠡᠯ ᠤᠨ ᠬᠡᠷᠡᠭ ᠢ ᠢᠯᠡᠷᠡᠬᠦᠯᠦᠭᠡᠳ 120 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠮᠡᠳᠡᠭᠡ ᠵᠠᠩᠬᠢ ᠶᠢᠨ ᠤᠶᠤᠨᠴᠢᠯᠠᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂  ︽ᠲᠤᠷᠠᠨ ᠬᠠᠷᠠᠭ᠎ᠠ︾  ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤ ᠬᠢᠨᠠᠨ ᠡᠵᠡᠮᠳᠡᠬᠦ ᠲᠦᠬᠦᠭᠡᠷᠦᠮᠵᠢ ᠤᠭᠰᠠᠷᠠᠬᠤ  ᠢᠨᠵᠧᠨᠧᠷᠢᠩ ᠢ ᠪᠥᠬᠦ ᠠᠶᠢᠮᠠᠭ ᠲᠠᠭᠠᠨ ᠬᠠᠮᠤᠭ ᠤᠷᠢᠳᠠᠪᠠᠷ ᠨᠡᠶᠢᠳᠡᠮ ᠪᠦᠷᠬᠦᠬᠦᠯᠦᠭᠰᠡᠨ ᠪᠠᠶᠢᠨ᠎ᠠ᠃ ᠪᠦᠬᠦ ᠵᠢᠯ ᠳᠤ ᠠᠮᠢᠨ ᠬᠡᠷᠡᠭ  ᠨᠢᠬᠡ ᠴᠤ ᠭᠠᠷᠤᠭᠰᠠᠨ ᠦᠬᠡᠢ ᠪᠦᠭᠡᠳ ᠵᠢᠯ ᠴᠠᠭᠠᠨ ᠰᠠᠷ᠎ᠠ᠂ ᠪᠦᠬᠦ ᠤᠯᠤᠰ ᠤᠨ ︽ᠬᠤᠶᠠᠷ ᠬᠤᠷᠠᠯ︾ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃   ︵ᠳᠣᠯᠤᠭ᠎ᠠ︶ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠴᠢᠳᠠᠮᠵᠢ ᠶᠢ ᠪᠥᠬᠦ ᠲᠠᠯ᠎ᠠ ᠪᠠᠷ ᠲᠡᠭᠡᠭᠰᠢᠯᠡᠬᠦᠯᠪᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠭᠰᠠᠨ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ  ᠪᠠ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠭᠡᠷᠡᠭᠵᠢᠬᠦᠯᠦᠨ᠂ ︽ᠲᠦᠷᠪᠡᠨ ᠰᠤᠷᠲᠠᠯ︾  ᠢ ᠴᠥᠬᠦᠷᠡᠰᠢ ᠦᠭᠡᠢ ᠴᠡᠭᠴᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠯᠬᠤᠮ ᠶᠠᠪᠤᠴᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠭᠡᠷᠡᠭᠯᠡᠨ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠲᠠᠰᠤᠷᠠᠯᠲᠠ ᠦᠭᠡᠢ ᠲᠡᠭᠡᠭᠰᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠤᠭᠤᠴᠠᠭ᠎ᠠ ᠶᠣᠰᠣᠭᠠᠷ ᠭᠦᠢᠴᠡᠳᠬᠡᠵᠦ ᠳᠠᠭᠤᠰᠬᠠᠭᠰᠠᠨ ᠨᠣᠷᠮ᠎ᠠ  100% ᠳᠤ  ᠬᠦᠷᠴᠡᠢ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠱᠠᠭᠠᠷᠳᠠᠨ ᠪᠠᠶᠢᠴᠠᠭᠠᠯᠲᠠ︾ ᠳᠤ ᠪᠢᠴᠢᠭᠡᠰᠦ ᠦᠯᠡᠳᠡᠭᠡᠭᠰᠡᠨ  12  ᠠᠰᠠᠭᠤᠳᠠᠯ ᠢ ᠰᠢᠢᠳᠪᠦᠷᠢᠯᠡᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠶᠢ 2159 ᠤᠳᠠᠭ᠎ᠠ ᠲᠤᠰᠴᠤ  ᠂ ᠤᠯᠠᠨ ᠲᠦᠮᠡᠨ ᠤ  ᠬᠠᠨᠤᠮᠵᠢ ᠶᠢᠨ ᠬᠡᠮᠵᠢᠶ᠎ᠡ 99.9%  ᠳᠤ ᠬᠦᠷᠪᠡ᠃ ︽ᠭᠤᠷᠪᠠᠨ ᠴᠢᠬᠤᠯᠠ ᠨᠢᠭᠡ ᠲᠤᠮᠤ︾   ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠢᠯᠡ ᠬᠢᠨᠠᠯᠲᠠ ᠶᠢ ᠤᠬᠠᠮᠰᠠᠷ  ᠠᠴᠠ ᠪᠠᠨ ᠬᠦᠯᠢᠶᠡᠵᠦ᠂ 2023 ᠣᠨ ᠳᠤ ᠠᠷᠠᠳ ᠤᠨ ᠲᠥᠯᠥᠭᠡᠯᠡᠭᠴᠢ ᠶᠢᠨ  ᠪᠢᠯᠧᠲ ᠪᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 98 ᠬᠤᠪᠢ ᠠᠷᠠᠳ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ᠂ 96 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ  ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠭᠰᠡᠨ ᠪᠠᠶᠢᠨ᠎ᠠ᠃  ᠬᠤᠷᠢᠭ᠎ᠠ ᠱᠤᠭᠤᠮ ᠤᠨ ᠰᠡᠳᠬᠢᠬᠦᠢ ᠶᠢ ᠪᠥᠬᠦ ᠲᠠᠯ᠎ᠠ ᠪᠠᠷ ᠪᠠᠳᠤᠳᠬᠠᠭᠰᠠᠨ᠃ ︽ᠵᠠᠰᠠᠭ ᠤᠨ ᠣᠷᠳᠣᠨ ᠠᠷᠪᠢᠯᠠᠨ ᠭᠠᠮᠨᠠᠵᠤ᠂ ᠣᠯᠠᠨ ᠲᠦᠮᠡᠨ  ᠢ ᠪᠠᠶᠠᠨ ᠲᠠᠩᠰᠤᠭ ᠠᠮᠢᠳᠤᠷᠠᠭᠤᠯᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠤᠯᠤᠰ ᠤᠨ ᠦᠮᠴᠢᠯᠡᠯᠳᠦ ᠡᠳ᠋ ᠬᠥᠷᠥᠩᠭᠡ᠂ ᠤᠯᠤᠰ ᠤᠨ ᠦᠮᠴᠢᠯᠡᠯᠳᠦ ᠡᠬᠢ ᠪᠠᠶᠠᠯᠢᠭ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠲᠥᠰᠥᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠵᠦᠢᠯ ᠤᠨ ᠠᠯᠪᠠᠨ  ᠵᠠᠷᠤᠳᠠᠯ︾  ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠲᠤᠶᠢᠯ ᠤᠨ ᠬᠦᠴᠢᠷᠳᠡᠯ ᠲᠠᠢ  ᠪᠠᠶᠢᠳᠠᠯ  ᠳᠣᠣᠷ᠎ᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ   ᠬᠡᠷᠡᠭᠯᠡᠵᠦ ᠪᠠᠶᠢᠭᠠᠳ ︽ᠭᠤᠷᠪᠠᠨ ᠪᠠᠲᠤᠯᠠᠭ᠎ᠠ︾ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠯᠳᠠ ᠥᠭᠴᠡᠭᠡ ᠶᠢ ᠠᠷᠢᠯᠭᠠᠬᠤ ᠪᠠ ᠠᠵᠤ ᠠᠬᠤᠶᠢᠯᠠᠯ ᠳᠤ ᠦᠷᠢᠳᠦᠭᠰᠡᠨ ᠦᠷᠢ ᠰᠢᠷᠢ ᠶᠢ ᠴᠡᠪᠡᠷᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠬᠤᠶᠠᠷ ᠢ  ᠬᠦᠷᠢᠶᠡᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ  ᠵᠢᠴᠢ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠲᠤᠭ᠎ᠠ ᠪᠦᠷᠢᠳᠬᠡᠯ  ᠂  ᠴᠠᠭ ᠠᠭᠤᠷ᠂ ᠮᠥᠩᠭᠦᠨ ᠭᠦᠢᠯᠭᠡᠭᠡ ᠳᠠᠭᠠᠳᠬᠠᠯ᠂  ᠴᠢᠮᠡᠭᠡ ᠬᠤᠯᠪᠣᠭ᠎ᠠ᠂ ᠬᠠᠩᠭᠠᠨ ᠪᠤᠷᠤᠯᠠᠭᠤᠯᠭ᠎ᠠ᠂ ᠬᠠᠮ ᠵᠠᠭᠤᠴᠢᠯᠠᠭᠤᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ  ᠂ ᠠᠵᠢᠯᠴᠢᠨ ᠤ ᠡᠪᠯᠡᠯ᠂  ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠢ ᠪᠦᠷ ᠰᠢᠨ᠎ᠡ ᠠᠮᠵᠢᠯᠳᠠ ᠬᠤᠷᠢᠶᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     ᠲᠥᠯᠥᠭᠡᠯᠡᠭᠴᠢᠳ ᠠ᠋᠂  ᠮᠠᠨ ᠤ ᠨᠢᠭᠡ ᠵᠢᠯ ᠤᠨ ᠲᠤᠷᠰᠢ ᠤᠯᠤᠭᠰᠠᠨ ᠠᠮᠵᠢᠯᠲᠠ ᠪᠦᠳᠦᠮᠵᠢ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠠᠴᠠ ᠰᠠᠯᠵᠤ ᠴᠢᠳᠠᠰᠢ ᠦᠭᠡᠢ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠤ  ᠴᠢᠳᠠᠰᠢ ᠦᠭᠡᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠠᠪᠰᠤᠷᠤᠯ ᠲᠡᠮᠵᠢᠯᠭᠡ ᠠᠴᠠ ᠰᠠᠯᠵᠤ ᠴᠢᠳᠠᠰᠢ ᠦᠭᠡᠢ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ  ᠵᠢᠳᠬᠦᠯ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ ᠶᠤᠮ᠃ ᠠᠳᠡ ᠪᠢ  ᠬᠤᠰᠢᠭᠤ  ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ  ᠂  ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ  ᠡᠳᠡᠭᠡᠳ ᠤᠨ ᠬᠦᠮᠦᠰ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ  ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦᠶ᠎ᠡ︕    ᠠᠮᠵᠢᠯᠲᠠ ᠪᠦᠳᠦᠮᠵᠢ ᠪᠠᠨ  ᠡᠷᠬᠢᠴᠡᠬᠦᠯᠦᠨ ᠳ᠋ᠦᠩᠨᠡᠬᠦ ᠶᠢᠨ ᠬᠠᠮᠲᠤ ᠠᠰᠠᠭᠤᠳᠠᠯ ᠲᠤᠳᠠᠭᠳᠠᠯ ᠢᠶᠠᠨ ᠴᠤ ᠤᠯᠵᠤ ᠲᠠᠨᠢᠬᠤ  ᠭᠡᠷᠡᠭᠳᠡᠢ᠄  ᠮᠠᠨ ᠤ ᠬᠤᠰᠢᠭᠤᠨ ᠤ ᠠᠵᠤ ᠠᠬᠤᠢ ᠶᠢᠨ ᠬᠡᠪᠴᠢᠶ᠎ᠡ  ᠪᠠᠭ᠎ᠠ᠂ ᠴᠢᠬᠤᠯᠠ ᠶᠡᠭᠡ ᠲᠥᠷᠥᠯ ᠵᠦᠢᠯ ᠤᠨ ᠵᠠᠯᠭᠠᠯᠳᠠ ᠬᠦᠷᠦᠯᠴᠡᠬᠦ ᠦᠭᠡᠢ᠂ ᠣᠲᠣ ᠦᠶ᠎ᠡ ᠶᠢᠨ ᠠᠵᠤ ᠦᠢᠯᠡᠰ ᠰᠠᠶ᠋ᠢ ᠡᠬᠢᠯᠡᠯᠲᠡ ᠶᠢᠨ ᠱᠠᠲᠤᠨ ᠳᠠᠭᠠᠨ ᠪᠠᠶᠢᠭ᠎ᠠ  ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠰᠠᠭᠤᠷᠢ  ᠲᠦᠬᠦᠭᠡᠷᠦᠮᠵᠢ  ᠶᠢᠨ ᠪᠦᠳᠦᠬᠡᠨ ᠪᠠᠶᠢᠭᠤᠯᠤᠯᠲᠠ ᠬᠦᠷᠦᠯᠴᠡᠬᠦ ᠦᠬᠡᠢ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠵᠡᠷᠭᠡ ᠠᠷᠠᠳ ᠤᠨ ᠠᠮᠢᠳᠤᠷᠠᠯ ᠤᠨ ᠦᠢᠯᠡᠰ ᠨᠢ ᠣᠯᠠᠨ ᠲᠦᠮᠡᠨ ᠤ ᠬᠦᠰᠡᠯ ᠡᠷᠡᠮᠡᠯᠵᠡᠯ ᠯᠦᠭᠡ  ᠵᠥᠷᠢᠶ᠎ᠡ ᠲᠠᠢ ᠪᠠᠶᠢᠭᠰᠠᠭᠠᠷ  ᠂   ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠵᠤ᠂ ᠡᠳ᠋ ᠮᠥᠩᠭᠦᠨ ᠤ ᠢᠷᠡᠯᠲᠡ ᠶᠢᠨ ᠨᠦᠬᠡᠴᠡ ᠬᠦᠴᠦᠨ ᠬᠦᠷᠦᠯᠴᠡᠬᠦ ᠦᠭᠡᠢ᠂ ᠥᠷᠢ ᠥᠭᠴᠡᠭᠡ ᠶᠢ ᠠᠷᠢᠯᠭᠠᠬᠤ ᠳᠠᠷᠤᠯᠲᠠ ᠮᠠᠰᠢ ᠶᠡᠭᠡ᠂ ᠵᠠᠶᠢᠯᠠᠰᠢ ᠦᠭᠡᠢ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠠᠴᠠ ᠤᠯᠠᠮ ᠲᠣᠪᠣᠶᠢᠮ᠎ᠠ ᠪᠣᠯᠵᠤ  ᠪᠠᠶᠢᠭ᠎ᠠ  ᠂  ᠤᠷᠤᠨ ᠲᠣᠭᠤᠷᠢᠭ ᠤᠨ ᠬᠡᠷᠡᠭᠯᠡᠬᠦ ᠭᠠᠵᠠᠷ ᠬᠦᠷᠦᠯᠴᠡᠬᠦ ᠦᠭᠡᠢ  ᠂ ᠡᠯ᠎ᠡ ᠲᠥᠷᠥᠯ ᠤᠨ ᠭᠠᠵᠠᠷ ᠰᠢᠷᠣᠢ ᠰᠤᠯᠠ ᠲᠠᠯᠪᠢᠭᠳᠠᠬᠤ᠂  ᠭᠠᠵᠠᠷ ᠰᠢᠷᠤᠢ ᠶᠢ ᠬᠠᠤᠯᠢ ᠪᠤᠰᠤ ᠪᠠᠷ ᠡᠵᠡᠯᠡᠬᠦ ᠪᠠ ᠦᠷ᠎ᠡ ᠠᠰᠢᠭ ᠦᠬᠡᠢ ᠪᠠᠷ ᠭᠡᠷᠡᠭᠯᠡᠬᠦ ᠠᠰᠠᠭᠤᠳᠠᠯ ᠲᠣᠪᠣᠶᠢᠮ᠎ᠠ ᠪᠠᠶᠢᠭ᠎ᠠ᠃   ᠪᠢᠳᠡ ᠡᠷᠭᠡᠪᠰᠢ ᠵᠥᠷᠢᠴᠡᠯ ᠳᠤ ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠨ᠂ ᠡᠷᠴᠢᠮ ᠲᠠᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠬᠦ ᠭᠡᠷᠡᠭᠳᠡᠢ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ  ᠬᠦᠰᠡᠷᠳᠡᠬᠦᠯᠵᠦ ᠪᠤᠯᠬᠤ ᠦᠬᠡᠢ  ︕       ᠬᠤᠶᠠᠷ᠂ 2024 ᠣᠨ ᠤ ᠠᠵᠢᠯ ᠤᠨ ᠪᠠᠶᠢᠷᠢᠯᠠᠭᠤᠯᠤᠯᠳᠠ     ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ  ᠂   ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ᠂  ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ  ᠵᠢᠴᠢ  ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂   ᠠᠶᠢᠮᠠᠭ ᠤᠨ ᠨᠠᠮ ᠤᠨ ᠬᠤᠷᠢᠶᠠᠨ ᠤ 2023 ᠣᠨ ᠤ ᠳᠥᠷᠪᠡᠳᠦᠭᠡᠷ  ᠪᠦᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂  ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ᠂  ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ︽ᠰᠢᠨ᠎ᠡ ᠵᠠᠮ ᠨᠡᠭᠡᠭᠡᠵᠦ᠂  ᠲᠤᠮᠳᠠ ᠲᠦᠪᠰᠢᠨ ᠳᠤ ᠬᠦᠷᠬᠦ︾ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ  ᠪᠠᠷ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠪᠠᠷ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠤᠯᠭᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠨ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂  ᠠᠮᠤᠷ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ ᠤᠷᠤᠭᠰᠢ ᠳᠡᠪᠰᠢᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠠᠶᠢᠪᠤᠰᠧ ᠬᠤᠰᠢᠭᠤᠨ ᠤ ᠬᠦᠴᠦᠨ ᠴᠢᠳᠠᠯ  ᠢᠶᠠᠨ ᠨᠡᠮᠡᠷᠢᠯᠡᠨ᠎ᠡ᠃     ᠭᠤᠣᠯ ᠪᠤᠯᠬᠤ ᠤᠷᠢᠳᠴᠢᠯᠠᠭᠰᠠᠨ ᠬᠠᠷᠠᠯᠲᠠ ᠪᠣᠯ᠄  ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 67.3 ᠳ᠋ᠦᠩᠰᠢᠭᠤᠷ ᠲᠥᠭᠦᠷᠢᠭ ᠲᠤ ᠬᠦᠷᠭᠡᠵᠦ  6% ᠪᠠᠷ ᠨᠡᠮᠡᠭᠳᠡᠬᠦᠯᠦᠨ᠂ ᠲᠣᠭᠲᠠᠮᠠᠯ  ᠬᠦᠷᠦᠩᠬᠡ ᠶᠢᠨ ᠪᠡᠯᠡ ᠣᠷᠣᠭᠤᠯᠤᠯᠲᠠ ᠶᠢ 19.6 ᠳ᠋ᠦᠩᠰᠢᠭᠤᠷ ᠲᠥᠭᠦᠷᠢᠭ ᠲᠤ ᠬᠦᠷᠭᠡᠵᠦ  15% ᠪᠠᠷ ᠨᠡᠮᠡᠭᠳᠡᠬᠦᠯᠦᠨ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ ᠶᠢ 3.5 ᠳ᠋ᠦᠩᠰᠢᠭᠤᠷ ᠲᠥᠭᠦᠷᠢᠭ ᠲᠤ  ᠬᠦᠷᠭᠡᠵᠦ ᠨᠢᠳᠤᠨᠤᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 9.86 ᠳ᠋ᠦᠩᠰᠢᠭᠤᠷ ᠲᠥᠭᠦᠷᠢᠭ ᠲᠤ ᠬᠦᠷᠭᠡᠵᠦ  5 % ᠪᠠᠷ ᠨᠡᠮᠡᠭᠳᠡᠬᠦᠯᠦᠨ᠂  ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠡᠷᠭᠡᠳᠡ ᠪᠠᠶᠢᠯᠭᠠᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠨ ᠠᠳᠬᠤᠬᠤ ᠭᠡᠷᠡᠭᠳᠡᠢ᠄      ︵ᠨᠢᠭᠡ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠳᠦᠷᠰᠦ ᠪᠠᠶᠢᠳᠠᠯ ᠢ   ᠢᠯᠡᠷᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠢᠵᠠᠭᠠᠷᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 98 ᠲᠦᠮᠡᠨ ᠮᠦ ᠠᠴᠠ ᠳᠡᠭᠡᠭᠰᠢ  ᠪᠠᠶᠢᠯᠭᠠᠨ᠂ ᠤᠨᠠᠯᠲᠠ ᠶᠢ 33 ᠲᠦᠮᠡᠨ ᠲᠣᠨ ᠣᠷᠴᠢᠮ ᠳᠤ ᠲᠤᠭᠳᠠᠪᠤᠷᠢᠵᠢᠭᠤᠯᠤᠨ᠎ᠠ᠃ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂  ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ 200 ᠮᠤ᠋᠂ ᠡᠬᠡᠯᠵᠢᠯᠡᠨ ᠲᠠᠷᠢᠬᠤ ᠲᠠᠷᠢᠶᠠᠨ ᠭᠠᠵᠠᠷ 10 ᠲᠦᠮᠡᠨ ᠮᠤ᠋   ᠶᠢ ᠰᠢᠨ᠎ᠡ ᠪᠠᠷ ᠨᠡᠮᠡᠭᠳᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 13.5 ᠲᠦᠮᠡᠨ ᠮᠤ᠋ ᠶᠢ ᠪᠠᠶᠢᠭᠤᠯᠵᠤ᠂  ᠤᠯᠤᠰ᠂ ᠣᠷᠣᠨ ᠤ ᠤᠰᠤ ᠠᠷᠪᠢᠯᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠠᠵᠢᠯ ᠢ ᠡᠬᠢᠯᠡᠬᠦᠯᠦᠨ᠎ᠡ᠃    ᠪᠤᠤᠴᠠᠩ ᠪᠠᠯᠭᠠᠰᠤᠨ ᠤ ᠢᠳᠡᠰᠢᠨ ᠨᠣᠭᠤᠭ᠎ᠠ ᠬᠠᠳᠠᠭᠠᠯᠠᠬᠤ ᠰᠠᠭᠤᠷᠢᠨ ᠭᠠᠵᠠᠷ ᠤᠨ ᠠᠭᠠᠷ ᠲᠣᠬᠢᠷᠠᠭᠤᠯᠬᠤ ᠬᠥᠮᠥᠷᠭᠡ᠂ ᠵᠦᠩ ᠬᠤᠸᠠ MAP ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠢ ᠡᠷᠡᠮᠡᠯᠵᠡᠯᠡᠨ ᠮᠡᠳᠡᠬᠦᠯᠦᠨ᠎ᠡ᠃   ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠦᠬᠦᠭᠡᠷᠦᠮᠵᠢᠳᠦ ᠮᠠᠯ ᠠᠵᠤ ᠠᠬᠤᠢ ᠪᠠ ᠮᠢᠬᠠᠨ ᠤ ᠦᠬᠡᠷ  ᠬᠠᠰᠢᠶᠠᠯᠠᠨ ᠲᠡᠵᠢᠬᠡᠬᠦ ᠶᠢ ᠶᠡᠬᠡᠪᠡᠷ ᠬᠥᠭᠵᠢᠭᠦᠯᠵᠦ᠂ 4 ᠲᠦᠮᠡᠨ ᠬᠠᠪᠳᠠᠭᠠᠢ ᠳᠥᠷᠪᠡᠯᠵᠢᠨ ᠮᠧᠲᠷ  ᠬᠠᠰᠢᠶ᠎ᠠ ᠰᠠᠷᠠᠪᠴᠢ᠂ 2.3 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 2.8 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠤᠨ᠎ᠠ᠃  ︽ᠪᠡᠯᠴᠢᠭᠡᠷᠯᠡᠭᠦᠯᠬᠦ +  ᠪᠣᠷᠳᠤᠭ᠎ᠠ ᠨᠥᠬᠦᠪᠦᠷᠢᠯᠡᠬᠦ︾ ︽ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ ᠮᠠᠯᠵᠢᠵᠤ ᠪᠤᠷᠳᠤᠨ ᠲᠡᠵᠢᠬᠡᠬᠦ︾ ᠵᠠᠭᠪᠤᠷ ᠢ ᠬᠡᠷᠡᠭᠵᠢᠭᠦᠯᠵᠦ᠂ 25 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠵᠤ᠂ ᠠᠮᠤ ᠪᠤᠳᠠᠭ᠎ᠠ ᠶᠢ ᠲᠡᠵᠢᠬᠡᠯ ᠪᠣᠷᠳᠤᠭ᠎ᠠ ᠪᠣᠯᠭᠠᠨ ᠥᠭᠡᠷᠡᠴᠢᠯᠡᠬᠦ  6 ᠲᠦᠮᠡᠨ ᠮᠦ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂  2.5 ᠲᠦᠮᠡᠨ ᠲᠤᠯᠤᠭᠠᠢ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ᠂ 1 ᠲᠦᠮᠡᠨ ᠲᠤᠯᠤᠭᠠᠢ  ᠮᠢᠬᠠᠨ ᠤ ᠦᠬᠡᠷ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠎ᠠ᠃ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠂  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ  ᠮᠠᠯᠵᠢᠯ ᠤᠨ ᠲᠣᠭᠤᠷᠢᠭ 6 ᠶᠢ ᠪᠠᠶᠢᠭᠤᠯᠵᠤ᠂  ᠲᠤᠰᠬᠠᠢ ᠬᠤᠷᠰᠢᠶᠠᠵᠢᠯ 5᠂ ᠭᠡᠷ ᠪᠦᠯᠢ ᠶᠢᠨ ᠮᠠᠯᠵᠢᠯ ᠤᠨ ᠲᠠᠯᠠᠪᠠᠶ 30   ᠶᠢ ᠪᠠᠶᠢᠭᠤᠯᠤᠨ᠎ᠠ᠃ ︽ᠨᠠᠷᠠᠲᠤ  ᠲᠡᠮᠳᠡᠭ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ᠂ ᠨᠠᠷᠠᠲᠤ ᠲᠡᠮᠳᠡᠭ ᠤᠨ ᠪᠠᠷᠢᠮᠵᠢᠶᠠᠵᠢᠭᠰᠠᠨ ᠪᠠᠶᠢᠭᠤᠯᠤᠯᠲᠠ ᠵᠡᠷᠭᠡ ᠭᠤᠭᠴᠤᠭ᠎ᠠ ᠶᠢ ᠦᠷᠭᠦᠯᠵᠢᠯᠡᠨ ᠲᠦᠷᠢᠮᠵᠢᠬᠦᠯᠵᠦ᠂ 4 ᠪᠦᠳᠦᠭᠡᠭᠳᠡᠬᠦᠨ ᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠬᠦᠯᠦᠨ᠂ 1 ᠪᠦᠳᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ  ᠢᠶᠠᠷ ᠡᠷᠡᠮᠡᠯᠵᠡᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯᠠᠪᠠᠷ ᠠᠬᠢᠭᠤᠯᠤᠨ᠎ᠠ᠃ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠶᠠᠳᠠᠭᠤᠷᠠᠬᠤ  ᠬᠤᠷᠢᠭ᠎ᠠ ᠱᠤᠭᠤᠮ ᠢ ᠡᠷᠡᠰ ᠰᠠᠬᠢᠵᠤ᠂ ᠣᠷᠣᠯᠭ᠎ᠠ ᠪᠠᠭᠠᠲᠠᠢ ᠬᠥᠮᠥᠨ ᠠᠮᠠ ᠪᠠ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠢ  ᠰᠠᠶᠢᠳᠤᠷ ᠠᠩᠬᠠᠷᠤᠨ᠂ ︽ᠭᠤᠷᠪᠠ ᠶᠢ ᠪᠠᠲᠤᠯᠠᠬᠤ︾ ᠵᠢᠴᠢ ᠤᠰᠤ ᠤᠮᠳᠠ ᠶᠢᠨ ᠠᠮᠤᠷ ᠲᠦᠪᠰᠢᠨ ᠢ ᠭᠤᠣᠯᠳᠠᠯᠭ᠎ᠠ ᠲᠠᠢ ᠠᠩᠬᠠᠷᠴᠤ᠂  ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠣᠷᠣᠯᠭ᠎ᠠ  ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠷᠲᠡ ᠠᠴᠠ ᠢᠯᠡᠷᠡᠭᠦᠯᠵᠦ᠂ ᠡᠷᠲᠡ ᠠᠴᠠ ᠲᠡᠳᠬᠦᠬᠦ ᠶᠢ  ᠪᠡᠶᠡᠯᠡᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ  ᠲᠤᠷᠰᠢᠯᠭ᠎ᠠ ᠶᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ 1᠂ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 3 ᠶᠢ  ᠪᠠᠶᠢᠭᠤᠯᠤᠨ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠬᠦᠷᠢᠶ᠎ᠡ ᠬᠠᠰᠢᠶᠠᠨ ᠤ ᠣᠨᠴᠠᠯᠢᠭᠲᠤ ᠳᠠᠷᠢᠵᠤ ᠮᠠᠯᠵᠢᠬᠤ ᠦᠢᠯᠡᠰ᠂ ᠰᠡᠯᠡᠭᠦᠴᠡᠯ ᠵᠢᠭᠤᠯᠴᠢᠯᠠᠯ ᠤᠨ ᠦᠢᠯᠡᠰ ᠵᠡᠷᠭᠡ  ᠶᠢ ᠶᠡᠬᠡᠪᠡᠷ ᠬᠦᠭᠵᠢᠬᠦᠯᠦᠨ᠂ ︽ᠭᠡᠷ ᠪᠦᠯᠢ︾ ᠪᠠ ︽ᠬᠦᠷᠢᠶ᠎ᠡ ᠬᠠᠰᠢᠶ᠎ᠠ︾ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠵᠢᠱᠢᠶ᠎ᠡ ᠦᠵᠡᠭᠦᠯᠬᠦ ᠲᠣᠰᠬᠤᠨ 2᠂ ᠵᠢᠱᠢᠶ᠎ᠡ ᠦᠵᠡᠭᠦᠯᠬᠦ ᠡᠷᠦᠬᠡ 95 ᠶᠢ  ᠪᠠᠶᠢᠭᠤᠯᠤᠨ᠂  ︽ᠢᠮᠠᠬᠤ ᠶᠢᠨ ᠲᠡᠳᠦᠢ ᠭᠠᠵᠠᠷ︾ ᠢ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ︽ᠡᠷᠳᠡᠨᠢ ᠶᠢᠨ ᠰᠠᠪᠠ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠬᠤᠪᠢ ᠬᠤᠷᠠᠮᠳᠤᠭᠤᠯᠬᠤ ᠳᠦᠷᠢᠮ᠂ ᠨᠠᠷᠢᠨ ᠲᠠᠩᠰᠠ ᠶᠢᠨ ᠳᠦᠷᠢᠮ ᠤᠨ ᠵᠠᠰᠠᠯᠳᠠ  ᠶᠢᠨ ᠵᠠᠭᠪᠤᠷ ᠢ ᠪᠥᠬᠦ ᠲᠠᠯ᠎ᠠ ᠪᠠᠷ ᠲᠡᠯᠬᠡᠷᠡᠬᠦᠯᠦᠨ᠂ ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ ᠡᠷᠦᠬᠡ᠂ ᠲᠠᠪᠤᠨ ᠰᠠᠶᠢᠨᠲᠠᠢ ᠭᠡᠷ ᠪᠦᠯᠢ  ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ᠂ ᠵᠠᠩ ᠳᠠᠳᠬᠠᠯ ᠤᠨ ᠦᠬᠡᠷᠡᠴᠢᠯᠡᠯᠳᠡ ᠶᠢ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢ ᠨᠠᠩ ᠬᠦᠴᠦᠷᠬᠡᠭ᠂  ᠲᠠᠷᠢᠶᠠᠯᠠᠬᠤ ᠮᠠᠯᠵᠢᠬᠤ ᠣᠷᠣᠨ ᠢ ᠨᠠᠩ ᠦᠵᠡᠰᠬᠦᠯᠡᠩ᠂ ᠲᠠᠷᠢᠶᠠᠴᠢᠨ ᠮᠠᠯᠴᠢᠨ  ᠢ ᠨᠠᠩ ᠪᠠᠶᠠᠨ ᠴᠢᠨᠡᠭᠡᠯᠢᠭ ᠪᠣᠯᠭᠠᠬᠤ ᠪᠠᠷ ᠴᠢᠷᠮᠠᠶᠢᠨ᠎ᠠ᠃    ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠤᠨ᠎ᠠ᠃ ᠲᠥᠷᠥᠯ ᠵᠦᠢᠯ ᠤᠨ ᠪᠠᠶᠢᠭᠤᠯᠤᠯᠲᠠ ᠶᠢ  ᠲᠦᠷᠭᠡᠳᠭᠡᠨ ᠠᠬᠢᠭᠤᠯᠤᠨ᠎ᠠ᠃  ᠲᠥᠷᠥᠯ ᠵᠦᠢᠯ ᠤᠨ ᠭᠤᠤᠯ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂  ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ᠂ ᠦᠢᠯᠡᠳᠪᠦᠷᠢ ᠶᠢᠨ ᠭᠡᠷ ᠪᠠᠶᠢᠰᠢᠩ ᠤᠨ ᠬᠡᠷᠡᠭᠴᠡᠭᠡ ᠶᠢ ᠪᠠᠳᠤᠯᠠᠨ᠂ ︽ᠭᠡᠷ᠎ᠡ ᠲᠣᠭᠲᠠᠪᠠᠯ ᠠᠵᠢᠯ ᠡᠬᠢᠯᠡᠭᠦᠯᠬᠦ︾  ᠪᠠᠷ ᠴᠢᠷᠮᠠᠶᠢᠨ᠎ᠡ᠃  ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ  ᠬᠢᠨᠠᠨ ᠵᠥᠪᠰᠢᠶᠡᠷᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 65 ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠴᠢᠩᠭ᠎ᠠ ᠮᠦᠷᠳᠡᠭᠡᠨ ᠪᠤᠳᠠᠳᠠᠢ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠡᠷᠲᠡ ᠠᠵᠢᠯ ᠡᠬᠢᠯᠡᠬᠦ᠂ ᠡᠷᠲᠡ ᠠᠰᠢᠭ ᠬᠦᠷᠳᠡᠬᠦ ᠶᠢ ᠪᠥᠬᠦ ᠬᠦᠴᠦᠨ ᠢᠶᠠᠷ ᠠᠬᠢᠭᠤᠯᠤᠨ᠂ ᠹᠦ᠋ ᠱᠢ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠤᠷᠤᠭᠤᠯᠵᠤ᠂ ᠨᠢᠭᠡᠨᠲᠡ ᠭᠡᠷ᠎ᠡ ᠲᠣᠭᠲᠠᠭᠰᠠᠨ 6 ᠥᠨᠳᠥᠷ ᠴᠢᠳᠠᠮᠵᠢᠲᠤ  ᠰᠢᠯᠦᠨ ᠰᠢᠷᠬᠡᠭ   ᠤᠨ ᠬᠠᠮᠢᠶᠠᠳᠠᠢ  ᠠᠬᠤᠶᠢᠯᠠᠯ ᠢ ᠬᠦᠷᠢᠶᠡᠯᠡᠩ ᠳᠤ ᠣᠷᠣᠭᠤᠯᠤᠨ᠎ᠠ᠃ ᠠᠵᠤ ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ︽ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ︾ ᠠᠵᠢᠯᠯᠠᠭ᠎ᠠ ᠶᠢ ᠭᠦᠨᠵᠡᠭᠡᠢ ᠭᠡᠷᠡᠭᠵᠢᠬᠦᠯᠦᠨ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠪᠤᠬᠢᠷᠳᠤᠯ ᠦᠬᠡᠢ ᠴᠠᠬᠢᠯᠭᠠᠨ ᠤ ᠲᠦᠷᠦᠯ ᠵᠦᠢᠯ᠂  ᠸᠧᠢ ᠪᠸᠢ ᠳ᠋ᠧ ᠬᠢᠮᠡᠯ ᠠᠯᠮᠠᠰ ᠦᠢᠯᠡᠳᠪᠦᠷᠢᠯᠡᠬᠦ ᠲᠦᠷᠦᠯ ᠵᠦᠢᠯ᠂  ᠵᠥᠩ ᠾᠧ ᠺᠣᠮᠫᠠᠨᠢ ᠶᠢᠨ ᠡᠶᠡᠷᠭᠦ ᠲᠤᠶᠢᠯ ᠤᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ  ᠂ ᠺᠠᠢ ᠳ᠋ᠠ ᠲᠦᠮᠦᠰᠦ ᠡᠳ᠋ᠰᠢᠭᠦᠯᠬᠦ ᠲᠦᠷᠦᠯ ᠵᠦᠢᠯ᠂  ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ   ᠂ ᠬᠤᠸᠠ ᠬᠤᠢ ᠴᠠᠪᠠᠤ ᠭᠤᠮ ᠦᠢᠯᠡᠳᠪᠦᠷᠢᠯᠡᠬᠦ ᠲᠦᠷᠦᠯ ᠵᠦᠢᠯ᠂ ᠮᠧᠩ ᠴᠠᠩ ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ ᠲᠦᠷᠦᠯ ᠵᠦᠢᠯ ᠵᠡᠷᠭᠡ ᠶᠢ ᠡᠨᠡ ᠵᠢᠯ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃  ᠸᠠᠨ ᠳ᠋ᠠ ᠯᠢᠶᠠᠨ  ᠪᠠᠭᠤᠳᠠᠯ᠂  ᠸᠧᠢ ᠬᠤᠤ ᠪᠠᠭᠤᠳᠠᠯ᠂ ᠯᠢ ᠴᠧᠨ  ᠰᠦ ᠰᠠᠭᠠᠯᠢ ᠶᠢᠨ ᠪᠦᠲᠦᠭᠡᠭᠳᠡᠬᠦᠨ ᠵᠢᠴᠢ ᠢᠳᠡᠭᠡᠨ ᠤ ᠦᠢᠯᠡᠳᠪᠦᠷᠢᠯᠡᠯ ᠤᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ  ᠡᠬᠢᠯᠡᠬᠦᠯᠦᠨ᠎ᠡ᠃ ᠪᠦᠬᠦ ᠬᠦᠴᠦᠨ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ︽ᠲᠡᠷᠢᠭᠦᠨ ᠴᠢᠬᠤᠯᠠ ᠢᠨᠵᠧᠨᠧᠷᠢᠩ︾ ᠪᠣᠯᠭᠠᠵᠤ᠂ ᠠᠶᠢᠮᠠᠭ ᠤᠨ  ᠲᠤᠭᠳᠠᠭᠠᠭᠰᠠᠨ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠪᠣᠯᠣᠨ ᠮᠠᠨ ᠤ ᠬᠤᠰᠢᠭᠤᠨ ᠤ ᠪᠤᠬᠢᠷᠳᠤᠯ ᠦᠬᠡᠢ ᠴᠠᠬᠢᠯᠭᠠᠨ ᠤ ᠳᠠᠪᠠᠭᠤᠯᠢᠭ᠂  ᠤᠷᠤᠨ ᠪᠠᠶᠢᠴᠠ ᠶᠢᠨ ᠳᠠᠪᠠᠭᠤᠯᠢᠭ ᠪᠣᠯᠣᠨ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ  ᠲᠠᠢ ᠣᠷᠣᠨ ᠪᠦᠰᠡ ᠶᠢ ᠢᠯᠡᠬᠦᠦ ᠠᠩᠬᠠᠷᠤᠨ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠴᠠᠬᠢᠯᠭᠠᠨ ᠲᠠᠮᠵᠢᠭᠤᠯᠵᠤ ᠬᠦᠴᠦᠳᠡᠯ ᠥᠭᠡᠷᠡᠴᠢᠯᠡᠬᠦ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ ᠨᠡᠬᠦᠷᠡᠰᠦᠨ ᠤ ᠮᠠᠲ᠋ᠧᠷᠢᠶᠠᠯ ᠤᠨ ᠬᠡᠯᠬᠢᠶᠡᠳᠦ ᠠᠵᠤ ᠦᠢᠯᠡᠰ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ  ᠪᠠ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠢᠴᠢ ᠪᠤᠰᠤᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ᠂  ᠠᠷᠠᠯᠵᠢᠶᠠᠴᠢᠨ ᠤᠷᠢᠬᠤ ᠲᠥᠯᠥᠪᠯᠡᠭᠡ ᠪᠠᠨ ᠨᠠᠷᠢᠯᠢᠭᠵᠢᠭᠤᠯᠵᠤ ᠂ ᠲᠤᠰᠬᠠᠢ ᠲᠦᠷᠦᠯ ᠤᠨ ᠠᠷᠠᠯᠵᠢᠶᠠᠴᠢᠨ ᠤᠷᠢᠬᠤ ᠠᠵᠢᠯ ᠤᠨ ᠲᠦᠰᠦᠪ ᠢ  ᠲᠤᠭᠳᠠᠭᠠᠨ᠂ ᠰᠠᠯᠪᠤᠷᠢ ᠠᠩᠭᠢ  ᠪᠠᠷ ᠠᠷᠠᠯᠵᠢᠶᠠᠴᠢᠨ ᠤᠷᠢᠬᠤ᠂ ᠭᠠᠵᠠᠷ ᠨᠤᠳᠤᠭ ᠢᠶᠠᠷ ᠠᠷᠠᠯᠵᠢᠶᠠᠴᠢᠨ ᠤᠷᠢᠬᠤ᠂  ᠬᠤᠷᠠᠯ ᠴᠤᠭᠯᠠᠭᠠᠨ ᠢᠶᠠᠷ ᠠᠷᠠᠯᠵᠢᠶᠠᠴᠢᠨ ᠤᠷᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠳᠤᠭᠠᠷ ᠬᠤᠭᠤᠴᠠᠭᠠᠨ ᠤ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠡᠷᠢᠭᠦᠨ ᠤ ᠨᠡᠬᠦᠷᠡᠰᠦᠨ ᠤ ᠮᠠᠲ᠋ᠧᠷᠢᠶᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ  ᠡᠷᠬᠢᠯᠡᠨ᠂  ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ᠂ ᠬᠤᠭᠤᠰᠤᠨ ᠭᠠᠵᠠᠷ ᠲᠤ ᠬᠡᠯᠬᠢᠶ᠎ᠡ ᠮᠠᠶ᠋ᠢᠭ ᠤᠨ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠦᠨ᠎ᠡ᠃  ᠤᠳᠤ ᠪᠠᠶᠢᠭ᠎ᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠪᠠᠷ ᠲᠠᠮᠵᠢᠨ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢᠶᠠᠷ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠠᠳᠠᠨ᠎ᠠ᠃  ᠥᠪᠥᠷ ᠮᠣᠩᠭᠤᠯ ᠤᠨ ᠰᠢᠨ ᠲᠠᠢ ᠠᠵᠤ ᠦᠢᠯᠡᠰ ᠤᠨ ᠪᠦᠯᠦᠭᠯᠡᠯ᠂ ᠨᠢᠩᠰᠢᠶᠠ ᠶᠢᠨ ᠶᠢᠨ ᠶᠤᠸᠠᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠳᠤ ᠬᠠᠨᠳᠤᠭᠤᠯᠵᠤ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ  ᠂ ᠪᠥᠬᠦ ᠵᠢᠯ ᠳᠤ 16   ᠠᠴᠠ ᠳᠡᠭᠡᠭᠰᠢ ᠲᠥᠷᠥᠯ ᠵᠦᠢᠯ ᠤᠨ ᠭᠡᠷ᠎ᠡ ᠳᠤ ᠭᠠᠷ ᠤᠨ ᠥᠰᠥᠭ ᠵᠢᠷᠤᠵᠤ  ᠂ 10 ᠳ᠋ᠦᠩᠰᠢᠭᠤᠷ ᠲᠥᠭᠦᠷᠢᠭ ᠢᠯᠡᠬᠦᠦ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠭᠦᠯᠦᠨ᠎ᠡ᠃  ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠠᠮᠢᠨ ᠰᠤᠳᠠᠰᠤᠨ ᠤ ᠢᠨᠵᠧᠨᠧᠷᠢᠩ︾ ᠪᠤᠯᠭᠠᠵᠤ ᠴᠢᠩᠭ᠎ᠠ ᠪᠦᠭᠡᠳ ᠪᠣᠳᠠᠲᠠᠢ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠠᠮᠠᠯᠠᠯᠳᠠ ᠪᠠᠨ ᠭᠦᠢᠴᠡᠳᠬᠡᠬᠦ ᠲᠣᠭᠲᠠᠴᠠ ᠶᠢ ᠤᠯᠠᠮ ᠲᠡᠬᠦᠯᠳᠡᠷᠵᠢᠬᠦᠯᠦᠨ ᠂ ᠵᠠᠰᠠᠭ ᠤᠨ ᠣᠷᠳᠣᠨ ᠤ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ  ᠢᠲᠡᠭᠡᠮᠵᠢ᠂ ᠬᠠᠤᠯᠢ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂  ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠠᠤᠯᠢ ᠲᠦᠷᠢᠮ ᠶᠤᠰᠤᠭᠠᠷ ᠨᠠᠶᠢᠳᠠᠪᠤᠷᠢᠵᠢᠭᠤᠯᠵᠤ ᠂ ᠨᠡᠩ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠡᠬᠦᠳᠬᠦ ᠭᠡᠷᠡᠭᠳᠡᠢ᠃  ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠤᠨ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠳᠤ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ︽ᠨᠢᠭᠡ ᠤᠳᠠᠭ᠎ᠠ ᠴᠤ ᠬᠦᠶᠦᠬᠦ ᠦᠭᠡᠢ︾ ᠪᠣᠯᠬᠤ ᠶᠢ ᠪᠡᠶᠡᠯᠡᠭᠦᠯᠦᠨ᠎ᠡ᠃ ︽ᠤᠳᠤᠷᠢᠳᠬᠤ ᠺᠠᠳ᠋ᠷ ᠠᠵᠤ ᠠᠬᠤᠶᠢᠯᠠᠯ ᠳᠤ ᠬᠦᠨᠵᠡᠬᠡᠶᠢᠷᠡᠨ ᠦᠢᠯᠡᠴᠢᠯᠡᠵᠦ᠂  ᠠᠵᠤ ᠠᠬᠤᠶᠢᠯᠠᠯ ᠤᠨ ᠬᠦᠭᠵᠢᠯᠳᠡ  ᠶᠢ ᠰᠢᠨ᠎ᠡ ᠰᠢᠪᠲᠤᠯᠤᠯᠲᠠ ᠲᠠᠢ ᠪᠣᠯᠭᠠᠬᠤ︾ ᠠᠵᠢᠯᠯᠠᠭ᠎ᠠ ᠶᠢ  ᠦᠷᠨᠢᠬᠦᠯᠵᠦ᠂ ᠤᠳᠤᠷᠢᠳᠬᠤ ᠺᠠᠳ᠋ᠷ  ᠭᠤᠣᠯᠳᠠᠯᠭ᠎ᠠ ᠲᠠᠢ ᠲᠥᠷᠥᠯ ᠵᠦᠢᠯ ᠢ ᠲᠠᠭᠠᠭᠠᠴᠢᠯᠠᠬᠤ ᠲᠣᠭᠲᠠᠴᠠ ᠶᠢ ᠪᠣᠳᠠᠲᠠᠶᠢᠵᠢᠭᠤᠯᠤᠨ᠂ ᠭᠡᠷ ᠲᠤᠨᠢ ᠬᠦᠷᠴᠦ ᠠᠷᠠᠯᠵᠢᠶᠠᠴᠢᠨ ᠤᠷᠢᠬᠤ᠂ ᠭᠡᠷ᠎ᠡ ᠲᠤᠭᠳᠠᠵᠤ ᠤᠷᠢᠵᠤ ᠨᠤᠳᠤᠭᠰᠢᠭᠤᠯᠬᠤ᠂  ᠭᠠᠷ ᠬᠦᠢᠴᠡᠳᠭᠡᠯ ᠢ ᠲᠦᠷᠭᠡᠨ ᠬᠢᠬᠦ᠂ ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠵᠡᠷᠭᠡ ᠡᠯ᠎ᠡ ᠭᠤᠭᠴᠤᠭ᠎ᠠ ᠳᠤ ᠨᠠᠷᠢᠯᠢᠭ ᠣᠨᠣᠴᠠᠲᠠᠢ ᠪᠠᠷ ᠦᠢᠯᠡᠴᠢᠯᠡᠨ᠂  ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃     ︵ᠭᠤᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃  ︽ᠬᠠᠭᠠᠨ ᠤ ᠠᠳᠤᠭᠤᠨ ᠵᠤᠰᠠᠭᠠᠯ︾ ᠤᠨ ᠵᠢᠭᠤᠯᠴᠢᠯᠠᠭᠴᠢᠳ ᠲᠤ ᠦᠢᠯᠡᠴᠢᠯᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠨ ᠬᠢᠵᠦ᠂ ︽ᠬᠠᠭᠠᠨ ᠤ ᠠᠳᠤᠭᠤᠨ ᠵᠤᠰᠠᠭᠠᠯ︾ ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠵᠢᠭᠤᠯᠴᠢᠯᠠᠭᠴᠢᠳ ᠢ ᠲᠥᠪᠯᠡᠷᠡᠭᠦᠯᠦᠨ ᠲᠠᠷᠬᠠᠭᠠᠬᠤ ᠲᠥᠪ᠂ ᠤᠯᠠᠭᠠᠨᠮᠥ᠋ᠴᠢᠷ ᠤᠨ ᠤᠷᠠᠯᠢᠭ ᠤᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ᠂  ᠭᠡᠷ ᠪᠦᠯᠢ ᠶᠢᠨ ᠪᠠᠭᠤᠳᠠᠯ ᠮᠠᠶ᠋ᠢᠭᠳᠤ  ᠤᠨᠴᠠᠯᠢᠭᠳᠤ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠠᠮᠵᠢᠯᠠᠯᠲᠤ ᠵᠠᠩ ᠳᠠᠳᠬᠠᠯ ᠰᠣᠶᠣᠯ ᠢᠷᠭᠡᠨᠰᠢᠯ ᠤᠨ ᠲᠣᠭᠤᠷᠢᠨ ᠳᠤ᠂ ᠣᠨᠴᠠᠯᠢᠭᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠦᠷᠭᠦᠯᠵᠢᠯᠡᠨ ᠪᠣᠶ ᠪᠣᠯᠭᠠᠵᠤ᠂ ︽ᠬᠤᠭᠤᠯᠠ  ᠬᠤᠨᠤᠭ ᠠᠶᠠᠯᠠᠯ ᠵᠢᠭᠤᠯᠴᠢᠯᠠᠯ ᠬᠤᠳᠠᠯᠳᠤᠭ᠎ᠠ ᠨᠠᠭᠠᠳᠤᠮ  ︾  ᠵᠡᠷᠭᠡ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠣᠭᠴᠠᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠎ᠡ᠃  ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠬᠤ ᠶᠢᠨ ᠲᠣᠭᠤᠷᠢᠨ ᠳᠤ᠂  ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠵᠦ᠂  ᠠᠳᠤᠭᠤ ᠶᠢ ᠦᠨ᠎ᠡ ᠬᠠᠶᠠᠨ ᠬᠤᠳᠠᠯᠳᠤᠬᠤ᠂ ᠮᠣᠷᠢᠨ ᠮᠡᠷᠭᠡᠵᠢᠯ ᠤᠨ ᠪᠣᠯᠪᠠᠰᠤᠷᠠᠯ᠂ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠢ ᠰᠦᠪᠡᠭᠴᠢᠯᠡᠨ᠎ᠡ᠃ ᠭᠠᠵᠠᠷ ᠰᠢᠨᠵᠢᠯᠡᠭᠡᠨ ᠤ ᠰᠤᠳᠤᠯᠭᠠᠨ ᠤ ᠲᠣᠭᠤᠷᠢᠨ ᠳᠤ ᠬᠠᠨ᠎ᠠ ᠬᠠᠳᠠ ᠶᠢᠨ ᠦᠵᠡᠮᠵᠢ ᠶᠢᠨ ᠣᠷᠣᠨ ᠢ  ᠪᠠᠶᠢᠭᠤᠯᠵᠤ᠂  ︽ᠠᠵᠤ ᠦᠢᠯᠡᠳᠪᠦᠷᠢ +︾ ᠶᠢᠨ ᠲᠣᠭᠤᠷᠢᠨ ᠳᠤ ᠠᠵᠤ ᠦᠢᠯᠡᠳᠪᠦᠷᠢ ᠶᠢᠨ ᠵᠢᠭᠤᠯᠴᠢᠯᠠᠯ ᠢ ᠡᠬᠦᠳᠦᠨ᠂ ᠠᠵᠤ ᠠᠬᠤᠶᠢᠯᠠᠯ ᠳᠤ ᠲᠦᠰᠢᠭᠯᠡᠵᠦ ︽ᠠᠯᠮᠠᠰ ᠤᠨ ᠵᠢᠵᠢᠭ ᠪᠠᠯᠭᠠᠰᠤ ︾ ᠶᠢ  ᠪᠠᠶᠢᠭᠤᠯᠤᠨ᠎ᠠ᠃  ︽ᠪᠠᠭ᠎ᠠ ᠶᠠᠪᠤᠳᠠᠯ ᠢ ᠶᠡᠭᠡ ᠪᠤᠯᠭᠠᠵᠤ᠂ ᠪᠠᠶᠢᠬᠤ ᠦᠬᠡᠢ ᠪᠠᠶᠢᠭᠰᠠᠨ ᠢ ᠪᠤᠢ ᠪᠤᠯᠭᠠᠬᠤ︾ ᠰᠡᠳᠬᠢᠮᠵᠢ ᠶᠢᠨ ᠲᠤᠭᠤᠷᠢᠨ ᠳᠤ᠂ ᠶᠤᠤᠮᠠᠢ ᠶᠢᠨ ᠭᠤᠯᠢᠷ ᠤᠨ ᠠᠮᠳᠠᠳᠤ ᠢᠳᠡᠭᠡᠨ ᠤ ᠤᠷᠤᠯᠳᠤᠭᠠᠨ᠂ ︽ᠴᠥᠩ ᠯᠢ ᠳᠤ ᠨᠠᠭᠠᠳᠤᠭᠠᠳ ᠲᠠᠶᠢᠹᠤᠰᠧ ᠳᠤ ᠵᠢᠭᠤᠯᠴᠢᠯᠠᠬᠤ︾  ᠂ ︽ ᠪᠤᠤᠴᠠᠩ ᠳᠤ ᠬᠦᠷᠴᠦ  ᠪᠠᠶᠠᠷ ᠲᠠᠢ ᠰᠢᠨᠡᠯᠡᠬᠦ︾  ᠂ ︽ᠲᠠᠶᠢᠹᠤᠰᠧ ᠬᠤᠰᠢᠭᠤᠨ ᠠᠴᠠ ᠠᠯᠮᠠᠰ ᠴᠢᠯᠠᠭᠤ ᠬᠤᠳᠠᠯᠳᠤᠨ ᠠᠪᠬᠤ︾  ᠬᠡᠬᠦ ᠮᠡᠳᠦ ᠶᠢᠨ ᠨᠡᠷᠡᠳᠦ ᠲᠡᠮᠳᠡᠭ ᠤᠨ ᠠᠵᠢᠯᠯᠠᠭ᠎ᠠ   ᠶᠢ  ᠦᠷᠨᠢᠬᠦᠯᠦᠨ᠂  ᠭᠠᠳᠠᠭᠰᠢ ᠬᠠᠨᠳᠤᠭᠰᠠᠨ ᠤᠬᠠᠭᠤᠯᠭ᠎ᠠ ᠪᠣᠷᠤᠯᠠᠭᠤᠯᠭ᠎ᠠ ᠪᠠᠨ ᠴᠢᠩᠭᠠᠳᠬᠠᠵᠤ᠂  ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠦᠨ᠂  ᠲᠠᠶᠢᠹᠤᠰᠧ ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠨ ᠣᠶᠢᠷ᠎ᠠ ᠲᠦᠷᠪᠡᠨ ᠤᠯᠠᠷᠢᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠬᠠᠷᠠᠯᠲᠠᠲᠤ ᠤᠷᠤᠨ ᠪᠤᠯᠭᠠᠵᠤ  ᠪᠠᠶᠢᠭᠤᠯᠬᠤ ᠭᠡᠷᠡᠭᠳᠡᠢ  ᠃  ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠲᠥᠪᠯᠡᠷᠡᠩᠭᠦᠢ ᠬᠡᠷᠡᠭᠯᠡᠭᠡᠨ ᠤ ᠲᠥᠪ ᠵᠡᠭᠡᠯᠢ ᠶᠢ ᠪᠠᠶᠢᠭᠤᠯᠬᠤ ᠶᠢᠨ ᠲᠣᠭᠤᠷᠢᠨ ᠳᠤ᠂ ᠣᠯᠠᠨ ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ᠂ ᠣᠯᠠᠨ  ᠶᠠᠩᠵᠤ ᠬᠡᠯᠪᠡᠷᠢ ᠶᠢᠨ ᠬᠡᠷᠡᠭᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂  ᠦᠷᠯᠦᠭᠡ ᠤᠷᠤᠢ ᠶᠢᠨ ᠵᠠᠬ᠎ᠠ ᠳᠡᠯᠭᠡᠭᠦᠷ᠂  ᠭᠡᠷ ᠤᠨ ᠶᠠᠪᠤᠳᠠᠯ ᠠᠳᠠᠯ ᠠᠬᠤᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠫᠢᠸᠤ᠋ ᠶᠢᠨ ᠨᠠᠶᠢᠷ᠂ ᠠᠮᠲᠠᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠶᠢ ᠡᠷᠭᠢᠯᠡᠨ᠂ ᠠᠷᠠᠯᠵᠢᠶᠠᠴᠢᠨ ᠪᠠ ᠠᠷᠠᠳ ᠢᠷᠭᠡᠳ ᠤᠨ ᠣᠷᠣᠯᠴᠠᠬᠤ  ᠤᠷᠮᠠᠰᠢᠯ ᠢ ᠲᠠᠶᠢᠴᠢᠯᠠᠵᠤ᠂ ᠨᠠᠩ ᠶᠡᠭᠡ ᠬᠡᠷᠡᠭᠯᠡᠭᠡᠨ ᠤ ᠳᠠᠯᠳᠠ ᠬᠦᠴᠦᠨ ᠢ  ᠪᠠᠳᠠᠷᠠᠭᠤᠯᠤᠨ᠎ᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ   ᠤ ᠬᠤᠲᠠ ᠳᠤ ᠤᠷᠤᠬᠤ ᠶᠢ ᠢᠳᠡᠪᠬᠢᠲᠡᠢ ᠠᠬᠢᠭᠤᠯᠤᠨ᠂  ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ   ᠤ ᠪᠤᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠦᠷᠭᠡᠳᠭᠡᠬᠦ ᠭᠡᠷᠡᠭᠳᠡᠢ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠰᠦᠯᠵᠢᠶᠡᠨ ᠤᠳᠤᠨ ᠤ ᠠᠵᠤ ᠠᠬᠤᠢ᠂ ᠰᠢᠭᠤᠳ  ᠨᠡᠪᠳᠡᠷᠡᠬᠦᠯᠭᠡ  ᠶᠢᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠨᠠᠩ ᠣᠯᠠᠨ ᠵᠠᠯᠠᠭᠤᠴᠤᠳ ᠤᠨ  ᠦᠢᠯᠡᠰ ᠪᠦᠳᠦᠬᠡᠵᠦ ᠠᠵᠢᠯ ᠣᠯᠬᠤ ᠶᠢ ᠲᠠᠶᠢᠴᠢᠯᠠᠨ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠲᠤ ᠬᠦᠷᠭᠡᠨ᠎ᠡ᠃       ︵ᠳᠥᠷᠪᠡ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠨ᠎ᠡ᠃ ᠬᠤᠳᠠ ᠪᠠᠯᠭᠠᠰᠤᠨ ᠤ ᠵᠠᠰᠠᠵᠤ ᠰᠢᠨᠡᠳᠬᠡᠬᠦ ᠠᠵᠢᠯᠯᠠᠭ᠎ᠠ ᠶᠢ ᠠᠬᠢᠭᠤᠯᠤᠨ᠎ᠠ᠃ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠬᠤᠲᠠ ᠶᠢᠨ ᠲᠣᠭᠤᠷᠢᠭ ᠤᠨ  ᠦᠶᠡᠷ ᠢ ᠰᠡᠷᠭᠡᠶᠢᠯᠡᠬᠦ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠤᠣᠯᠳᠠᠯᠭ᠎ᠠ ᠲᠠᠢ ᠵᠠᠮ ᠤᠨ ᠬᠡᠰᠡᠭ ᠤᠨ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠤᠤᠷ ᠬᠤᠭᠤᠯᠠᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠡᠬᠢᠯᠡᠭᠦᠯᠵᠦ᠂  12.1 ᠺᠢᠯᠣᠮᠧᠲᠷ ᠤᠰᠤ ᠭᠠᠳᠠᠭᠰᠢᠯᠠᠭᠤᠯᠬᠤ ᠬᠤᠭᠤᠯᠠᠢ  ᠂ 11.2 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠨ᠂ 50 ᠺᠢᠯᠣᠮᠧᠲᠷ ᠬᠤᠲᠠ ᠶᠢᠨ ᠵᠠᠮ ᠢ  ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠢᠨ ᠬᠠᠮᠳᠤ᠂ ᠳᠡᠭᠡᠳᠦ ᠱᠠᠲᠤᠨ ᠤ ᠪᠡᠯᠡ ᠮᠥᠩᠭᠦ ᠶᠢ ᠣᠯᠵᠤ ᠪᠠᠶᠢᠭᠠᠳ ᠢᠯᠴᠢ ᠬᠠᠩᠭᠠᠬᠤ ᠬᠤᠭᠤᠯᠠᠢ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠ ᠬᠠᠭᠤᠴᠢᠨ  ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠬᠢᠨ᠎ᠡ᠃  ᠲᠤᠰ ᠵᠢᠯ  ᠳᠤ ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ  ᠤᠷᠤᠨ ᠰᠠᠭᠤᠴᠠ ᠶᠢᠨ ᠨᠡᠬᠦᠯᠬᠡᠨ ᠲᠦᠪᠬᠢᠨᠡᠬᠦᠯᠬᠦ ᠠᠵᠢᠯ  ᠪᠠ ᠳᠠᠪᠤᠰᠤᠨ ᠤ ᠦᠢᠯᠡᠰ ᠤᠨ ᠺᠣᠮᠫᠠᠨᠢ  ᠶᠢᠨ ᠨᠡᠭᠦᠯᠭᠡᠨ ᠪᠠᠶᠢᠭᠤᠯᠬᠤ ᠠᠵᠢᠯ ᠢ ᠬᠢᠵᠦ᠂   ᠴᠢᠯᠠᠭᠤᠨ ᠲᠣᠰᠣᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠶᠢ ᠨᠡᠭᠦᠯᠭᠡᠬᠦ  ᠠᠵᠢᠯ ᠢ ᠠᠬᠢᠭᠤᠯᠤᠨ᠎ᠠ᠃ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠢᠴᠢ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ᠂ ᠭᠤᠶᠣᠵᠢᠭᠤᠯᠤᠯᠲᠠ᠂ ᠭᠡᠷᠡᠯᠳᠦᠬᠦᠯᠭᠡ ᠶᠢ  ᠠᠬᠢᠭᠤᠯᠤᠨ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃   ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠲᠠ ᠶᠢᠨ ᠦᠩᠭᠡ ᠲᠦᠷᠬᠦ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠵᠤᠭᠰᠤᠭᠠᠬᠤ᠂ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠤᠪᠤᠭᠠᠯᠠᠬᠤ᠂ ᠳᠤᠷ᠎ᠠ ᠪᠠᠷ ᠢᠶᠠᠨ ᠬᠠᠶᠠᠬᠤ᠂ ᠵᠠᠮ ᠡᠵᠡᠯᠡᠨ ᠡᠵᠡᠩᠨᠡᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂  ᠬᠤᠳᠠ ᠶᠢᠨ ᠭᠤᠤᠯ ᠤᠨ ᠵᠠᠬ᠎ᠠ ᠳᠡᠯᠭᠡᠭᠦᠷ ᠂ ᠥᠷᠯᠥᠭᠡ ᠦᠳᠡᠰᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠠᠳᠠᠯ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ  ᠲᠦᠷᠢᠮᠵᠢᠬᠦᠯᠦᠨ ᠵᠠᠰᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ  ᠲᠡᠭᠡᠭᠰᠢᠯᠡᠬᠦᠯᠦᠨ᠎ᠡ᠃  ᠬᠤᠳᠠᠯᠳᠤᠭᠠᠨ ᠤ ᠭᠡᠷ ᠪᠠᠶᠢᠰᠢᠩ  ᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠵᠢᠴᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ ᠪᠤᠷᠤᠯᠠᠭᠤᠯᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠰᠢᠷᠤᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃  ᠲᠣᠰᠬᠤᠨ ᠱᠠᠲᠤᠨ ᠤ ᠵᠠᠮ ᠨᠡᠪᠲᠡᠷᠡᠯᠭᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 192 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ ᠾᠧᠢ ᠱᠠᠨ ᠮᠢᠶᠤᠤ ᠠᠴᠠ ᠰᠧ ᠯᠢᠶᠠᠨ ᠬᠦᠷᠬᠦ ᠵᠠᠮ ᠤᠨ ᠥᠭᠡᠷᠡᠴᠢᠯᠡᠯᠲᠡ ᠶᠢ ᠪᠡᠶᠡᠯᠡᠬᠦᠯᠦᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠲᠠᠢ ᠰᠢ ᠲᠡᠮᠦᠷ ᠵᠠᠮ ᠤᠨ  ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠴᠡᠪᠡᠷᠰᠢᠬᠦᠯᠦᠭᠰᠡᠨ ᠤᠰᠤᠨ ᠤ ᠠᠰᠢᠭᠯᠠᠯᠳᠠ᠂ ᠪᠤᠤᠴᠠᠩ ᠭᠤᠣᠯ  ᠤᠨ ᠵᠠᠰᠠᠯᠳᠠ ᠂   ᠲᠧᠦ ᠬᠤᠤ ᠲᠣᠰᠬᠤᠨ ᠤ  ᠦᠶᠡᠷ  ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 4᠂ ᠤᠰᠤ ᠴᠡᠪᠡᠷᠰᠢᠭᠦᠯᠬᠦ ᠲᠦᠬᠦᠭᠡᠷᠦᠮᠵᠢ  3 ᠶᠢ  ᠪᠠᠶᠢᠭᠤᠯᠤᠨ᠎ᠠ᠃ 35 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠪᠠᠭᠳᠠᠭᠠᠮᠵᠢ ᠶᠢ ᠶᠡᠬᠡᠰᠭᠡᠬᠦ ᠪᠠ 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ  ᠵᠡᠷᠭᠡ ᠶᠢ ᠰᠢᠨ᠎ᠡ ᠪᠠᠷ  ᠪᠠᠶᠢᠭᠤᠯᠤᠨ᠂ 358.6 ᠺᠢᠯᠣᠮᠧᠲᠷ ᠴᠠᠬᠢᠯᠭᠠᠨ ᠱᠤᠭᠤᠮ ᠢ ᠲᠠᠲᠠᠵᠤ᠂ 100 ᠰᠠᠤᠷᠢ ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ  ᠂  ᠱᠤ᠋ ᠭᠤᠸᠠᠩ ᠲᠤᠰᠬᠤᠨ ᠤ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ  ᠠᠰᠢᠭᠯᠠᠯᠲᠠ ᠳᠤ ᠣᠷᠣᠭᠤᠯᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ  ᠤᠨ ᠴᠠᠬᠢᠯᠭᠠᠨ ᠬᠠᠩᠭᠠᠬᠤ ᠲᠤᠰᠬᠠᠢ ᠱᠤᠭᠤᠮ ᠢ ᠨᠡᠬᠦᠯᠭᠡᠨ᠎ᠡ᠃     ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠨ ᠢ ᠰᠠᠶᠢᠨ ᠬᠢᠨ᠎ᠡ᠃  ᠤᠯᠤᠰ  ᠂ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂  ᠤᠯᠤᠰ ᠤᠨ ᠭᠤᠷᠪᠠᠳᠤᠭᠠᠷ ᠡᠭᠡᠯᠵᠢ ᠶᠢᠨ ᠪᠠᠶᠢᠴᠠᠭᠠᠯᠳᠠ᠂  ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ  ᠪᠠᠶᠢᠴᠠᠭᠠᠯᠳᠠ ᠶᠢ ᠤᠭᠳᠤᠬᠤ ᠳᠤ ᠰᠠᠭᠤᠷᠢ ᠲᠠᠯᠪᠢᠨ᠎ᠠ᠃ ᠰᠢᠲᠠᠮᠠᠬᠠᠢ ᠬᠡᠢ ᠳᠤ ᠬᠤᠯᠪᠤᠭᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠭᠠᠷ ᠤᠨ ᠴᠢᠨᠰᠠᠭ᠎ᠠ ᠰᠠᠶᠢᠨ ᠡᠳᠦᠷ ᠤᠨ ᠬᠠᠷᠢᠴᠠᠯ 90%   ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠪᠥᠬᠦ ᠬᠤᠰᠢᠭᠤᠨ ᠤ 92 ᠭᠤᠣᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢ  ᠪᠤᠳᠠᠳᠠᠶᠢᠵᠢᠭᠤᠯᠤᠨ᠂ ᠤᠰᠤᠨ ᠤ ᠣᠷᠴᠢᠨ ᠲᠣᠭᠤᠷᠢᠨ ᠤ ︽ᠵᠠᠰᠠᠬᠤ᠂ ᠪᠠᠶᠢᠭᠤᠯᠬᠤ᠂ ᠬᠠᠮᠢᠶᠠᠷᠬᠤ︾ ᠡᠯ᠎ᠡ  ᠲᠦᠷᠦᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠭᠡᠷᠡᠭᠵᠢᠬᠦᠯᠵᠦ᠂ ᠤᠰᠤᠨ ᠤ ᠡᠬᠢ ᠰᠤᠷᠪᠤᠯᠵᠢ ᠶᠢᠨ ᠣᠷᠣᠨ ᠤ ᠤᠰᠤᠨ ᠤ ᠴᠢᠨᠠᠷ ᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢᠨ ᠠᠰᠢᠭᠯᠠᠮᠵᠢ ᠶᠢ 85% ᠠᠴᠠ ᠳᠡᠭᠡᠭᠰᠢ ᠳᠤ ᠬᠦᠷᠭᠡᠨ᠎ᠡ᠃  ᠠᠮᠢ ᠠᠬᠤᠢ ᠶᠢᠨ ᠪᠠᠶᠢᠭᠤᠯᠤᠯᠲᠠ ᠶᠢ ᠪᠥᠬᠦ ᠲᠠᠯᠠᠪᠠᠷ ᠴᠢᠩᠭᠠᠳᠬᠠᠨ᠎ᠠ᠃ ᠬᠢᠨᠠᠨ ᠪᠠᠶᠢᠴᠠᠭᠠᠬᠤ ᠰᠠᠨᠠᠭᠤᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠳᠦᠷᠢᠮ ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ  ᠴᠢᠩᠭ᠎ᠠ ᠴᠡᠭᠴᠡᠯᠡᠨ ᠵᠠᠰᠠᠨ᠎ᠠ᠃ ᠨᠤᠲᠤᠭ ᠪᠡᠯᠴᠢᠭᠡᠷ ᠤᠢ ᠰᠢᠭᠤᠢ ᠶᠢᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠣᠷᠣᠨ ᠳᠤ ᠮᠠᠯ ᠪᠡᠯᠴᠢᠭᠡᠷᠯᠡᠬᠦᠯᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠣᠯ ᠮᠥᠷᠡᠨ ᠨᠠᠭᠤᠷ ᠴᠥᠭᠦᠷᠥᠮ  ᠤᠨ ︽ᠲᠦᠷᠪᠡ ᠶᠢ ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯ ᠤᠨ ᠬᠠᠵᠠᠭᠤ ᠬᠠᠪᠢ ᠳᠤ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠰᠢᠯᠭ᠎ᠠ ᠲᠠᠯᠠᠩ ᠢ ᠳᠤᠷ᠎ᠠ ᠪᠠᠷ ᠢᠶᠠᠨ ᠮᠠᠯᠳᠠᠬᠤ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ᠎ᠡ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠵᠠᠰᠠᠯᠳᠠ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂  18.97 ᠲᠦᠮᠡᠨ ᠮᠦ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠤᠨ᠂ ᠳᠤᠷ᠎ᠠ ᠪᠠᠷ ᠢᠶᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠨᠡ ᠵᠢᠯ ᠳᠤ᠂ 40 ᠾᠧᠺᠲ᠋ᠠᠷ ᠠᠭᠤᠷᠬᠠᠢ   ᠶᠢᠨ ᠤᠷᠤᠨ ᠤ  ᠵᠠᠰᠠᠯᠲᠠ ᠶᠢ  ᠪᠡᠶᠡᠯᠡᠭᠦᠯᠵᠦ᠂ 25 ᠾᠧᠺᠲ᠋ᠠᠷ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ  ᠪᠡᠶᠡᠯᠡᠭᠦᠯᠦᠨ᠎ᠡ᠃    ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠦᠢᠯᠡᠴᠢᠯᠡᠬᠦ ᠠᠷᠠᠳ ᠢ ᠪᠠᠶᠠᠵᠢᠭᠤᠯᠬᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠲᠣᠪᠤᠶᠢᠯᠭᠠᠨ᠂ ᠳᠡᠭᠡᠳᠦ ᠰᠤᠷᠭᠠᠭᠤᠯᠢ ᠲᠡᠭᠦᠰᠦᠭᠰᠡᠳ᠂  ᠬᠦᠯᠦᠰᠦᠨ ᠠᠵᠢᠯᠴᠢᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ  ᠬᠦᠮᠦᠰ ᠲᠤ ᠠᠩᠬᠠᠷᠤᠯ ᠲᠠᠯᠪᠢᠵᠤ᠂ ᠠᠵᠢᠯ ᠣᠯᠭᠤᠯᠲᠠ ᠶᠢ   ᠲᠤᠭᠳᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠤᠳᠠ ᠪᠠᠯᠭᠠᠰᠤᠨ ᠤ 800 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ  ᠤᠯᠭᠤᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5 %  ᠳᠣᠲᠣᠷ᠎ᠠ ᠬᠢᠵᠠᠭᠠᠷᠯᠠᠨ᠎ᠠ᠃   ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ᠎ᠠ᠃ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ  ᠨᠢ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠯᠦᠰᠦᠨ ᠠᠵᠢᠯᠴᠢᠳ ᠤᠨ ︽ᠬᠦᠴᠦ ᠬᠦᠳᠡᠯᠮᠦᠷᠢ ᠶᠢᠨ ᠬᠠᠷᠠᠮᠵᠢ  ︾ ᠶᠢ ᠡᠷᠡᠰ ᠬᠠᠮᠠᠭᠠᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠭᠡᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠦᠭᠵᠢᠬᠦᠯᠵᠦ᠂ ︽ ᠨᠠᠰᠤᠳᠠᠳ ᠨᠢᠯᠬᠠᠰ︾ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠬᠦᠮᠦᠰ᠂ ᠣᠨᠴᠠ ᠬᠦᠴᠢᠷᠳᠡᠯ ᠲᠠᠢ ᠬᠦᠮᠦᠰ᠂  ᠨᠠᠰᠤᠨ ᠬᠤᠳᠤᠭ ᠦᠨᠳᠦᠷ ᠬᠦᠮᠦᠰ ᠪᠠ  ᠵᠡᠮᠳᠡᠭ ᠬᠦᠮᠦᠰ ᠵᠡᠷᠭᠡ ᠶᠢᠨ ᠠᠮᠢᠳᠤᠷᠠᠯ ᠤᠨ  ᠪᠠᠳᠤᠯᠠᠭᠠᠨ ᠤ ᠠᠵᠢᠯ ᠢ ᠬᠢᠨᠠᠮᠠᠭᠠᠢ ᠰᠠᠶᠢᠨ ᠠᠳᠬᠤᠵᠤ᠂ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠂ ᠡᠮᠡᠭᠲᠡᠶᠢᠴᠦᠳ ᠬᠡᠦᠬᠡᠳ ᠪᠠᠭᠠᠴᠤᠳ᠂ ᠨᠠᠰᠤᠨ ᠳᠤ ᠦᠯᠤ ᠬᠥᠷᠦᠭᠰᠡᠳ ᠢ ᠬᠠᠯᠠᠮᠵᠢᠯᠠᠨ ᠬᠠᠶᠢᠷᠠᠯᠠᠬᠤ ᠪᠠ  ᠲᠡᠳᠡᠨ  ᠤ ᠡᠷᠬᠡ ᠠᠰᠢᠭ ᠢ  ᠬᠠᠮᠠᠭᠠᠯᠠᠬᠤ ᠪᠠᠨ ᠴᠢᠩᠭᠠᠳᠬᠠᠵᠤ᠂ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠭᠦᠨᠵᠡᠭᠡᠢ ᠭᠡᠷᠡᠭᠵᠢᠬᠦᠯᠦᠨ᠂ ᠵᠠᠯᠠᠭᠤᠴᠤᠳ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂  ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠴᠢᠨᠳᠠᠷ ᠲᠠᠯᠪᠢᠬᠤ ᠲᠦᠬᠦᠭᠡᠷᠦᠮᠵᠢ ᠶᠢᠨ ᠪᠠᠶᠢᠭᠤᠯᠤᠯᠳᠠ ᠶᠢ ᠠᠬᠢᠭᠤᠯᠤᠨ᠂ ᠣᠷᠣᠰᠢᠭᠤᠯᠭ᠎ᠠ ᠶᠢᠨ  ᠤᠷᠳᠤᠨ ᠢ ᠥᠷᠭᠡᠳᠬᠡᠨ ᠪᠠᠶᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ ᠃ ᠬᠤᠳᠠ ᠪᠠᠯᠭᠠᠰᠤᠨ ᠤ ᠴᠡᠪᠡᠷᠯᠡᠭᠡ ᠶᠢᠨ ᠲᠦᠬᠦᠭᠡᠷᠦᠮᠵᠢ ᠪᠠ ᠨᠡᠶᠢᠲᠡ ᠶᠢᠨ ᠮᠠᠰᠢᠨ ᠢ ᠨᠡᠮᠡᠵᠦ ᠨᠦᠬᠦᠪᠦᠷᠢᠯᠡᠨ᠂  ᠮᠠᠰᠢᠨᠴᠢᠯᠠᠭᠰᠠᠨ ᠴᠡᠪᠡᠷᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠬᠦᠯᠦᠨ᠎ᠡ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ ᠬᠦᠷᠭᠡᠬᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ︽ᠬᠤᠶᠠᠷ ᠢ ᠬᠦᠩᠭᠡᠷᠡᠬᠦᠯᠬᠦ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ᠂  ᠵᠢᠭᠠᠬᠤ  ᠶᠢ ᠰᠤᠳᠤᠯᠬᠤ ᠭᠤᠷᠪᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂  ᠨᠢᠬᠡᠳᠦᠭᠡᠷ ᠹᠷᠣᠨᠲ ᠲᠤ ᠳᠤᠲᠠᠭᠳᠠᠵᠤ ᠪᠠᠶᠢᠭ᠎ᠠ 30 ᠪᠠᠭᠰᠢ ᠶᠢ ᠤᠷᠢᠵᠤ ᠣᠷᠣᠭᠤᠯᠤᠨ  ᠂ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ᠂  ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠳᠤᠮᠳᠠᠳᠤ ᠰᠤᠷᠭᠠᠭᠤᠯᠢ ᠶᠢᠨ ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠨ᠎ᠠ᠃ 2 ᠰᠢᠶᠠᠩ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ᠂ 1 ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ 1 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ ᠲᠠᠯᠠᠪᠠᠶ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠡᠨᠡ  ᠵᠢᠯ ᠳᠡᠭᠡᠨ ᠠᠰᠢᠭᠯᠠᠯᠲᠠ ᠳᠤ ᠤᠷᠤᠭᠤᠯᠤᠨ᠎ᠠ ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠳᠠ ᠶᠢ ᠠᠬᠢᠭᠤᠯᠬᠤ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢ ᠡᠬᠢᠯᠡᠬᠦᠯᠦᠨ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠬᠢᠴᠢᠶᠡᠯ ᠲᠦᠷᠦᠯ ᠳᠤ ᠲᠡᠯᠭᠡᠷᠡᠬᠦᠯᠦᠨ ᠭᠡᠷᠡᠭᠯᠡᠨ᠎ᠡ᠃  ᠡᠮᠴᠢᠯᠡᠭᠡᠨ ᠤ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ  ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ  ᠶᠡᠷᠦᠩᠬᠡᠶᠢᠯᠡᠭᠰᠡᠨ ᠠᠰᠠᠷ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠡᠮᠴᠢᠯᠡᠭᠡᠨ ᠤ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂  ᠬᠤᠰᠢᠭᠤᠨ ᠳᠣᠲᠣᠷ᠎ᠠ ᠪᠠᠨ ᠨᠠᠩ ᠥᠨᠳᠥᠷ ᠬᠢᠷᠢ ᠲᠦᠪᠰᠢᠨ ᠪᠦᠬᠦᠢ ᠤᠨᠤᠰᠢᠯᠠᠯᠳᠠ ᠪᠠ ᠡᠮᠴᠢᠯᠡᠭᠡ ᠬᠢᠵᠦ ᠦᠢᠯᠡᠴᠢᠯᠡᠭᠡ ᠲᠠᠢ ᠪᠤᠯᠭᠠᠵᠤ᠂ ᠤᠯᠠᠨ ᠲᠦᠮᠡᠨ ᠳᠤ ᠲᠦᠬᠦᠮ ᠦᠵᠡᠬᠦᠯᠦᠨ᠎ᠡ᠃ ᠰᠣᠶᠣᠯ ᠲᠠᠮᠢᠷ ᠤᠨ ᠦᠢᠯᠡᠰ ᠢ ᠬᠦᠴᠦᠯᠡᠨ ᠬᠦᠭᠵᠢᠬᠦᠯᠦᠨ᠎ᠡ᠃ ᠠᠷᠢᠬᠢᠨ ᠤ ᠰᠣᠶᠣᠯ ᠤᠨ ᠮᠦᠽᠧᠢ ᠶᠢᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠳ᠋ᠦᠩ ᠵᠢᠶᠤᠤ  ᠪᠡᠶ᠎ᠡ ᠴᠢᠭᠢᠷᠠᠭᠵᠢᠭᠤᠯᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ ᠠᠰᠢᠭᠯᠠᠯᠲᠠ ᠳᠤ  ᠤᠷᠤᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠠᠬᠢᠭᠤᠯᠤᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ  ᠴᠢᠳᠠᠪᠤᠷᠢ ᠶᠢ ᠨᠡᠮᠡᠭᠳᠡᠭᠦᠯᠦᠨ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠤᠭᠰᠠᠨ ᠨᠠᠩ ᠣᠯᠠᠨ ᠰᠢᠯᠢᠳᠡᠭ ᠪᠦᠲᠦᠭᠡᠯ ᠢ ᠵᠤᠬᠢᠶᠠᠨ ᠪᠦᠳᠦᠭᠡᠵᠦ᠂ ᠠᠷᠠᠳ ᠲᠤ ᠠᠰᠢᠭ ᠬᠦᠷᠲᠡᠭᠡᠬᠦ  ᠤᠳᠬ᠎ᠠ ᠤᠷᠠᠯᠢᠭ ᠤᠨ ᠲᠣᠭᠯᠠᠯᠲᠠ ᠶᠢ ᠰᠠᠶᠢᠲᠤᠷ ᠥᠷᠨᠢᠭᠦᠯᠦᠨ᠎ᠡ᠃  ᠪᠥᠬᠦ ᠣᠷᠣᠨ ᠪᠥᠬᠦ ᠠᠶᠢᠮᠠᠭ ᠤᠨ ᠴᠢᠨᠠᠷᠳᠠᠢ ᠡᠯ᠎ᠡ ᠲᠥᠷᠥᠯ ᠤᠨ ᠤᠷᠤᠯᠳᠤᠭᠠᠨ ᠨᠠᠭᠠᠳᠤᠮ ᠢ ᠢᠳᠡᠪᠬᠢᠲᠡᠢ ᠲᠠᠭᠠᠭᠠᠴᠢᠯᠠᠨ ᠡᠷᠭᠢᠯᠡᠵᠦ᠂ ᠳᠠᠭᠤᠤ ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂   ᠬᠦᠭᠵᠢᠮᠴᠢᠳ ᠤᠨ ᠴᠤᠭᠯᠠᠭᠠᠨ ᠵᠡᠷᠭᠡ ᠣᠯᠠᠨ ᠲᠦᠮᠡᠨᠴᠢ ᠴᠢᠨᠠᠷᠲᠠᠢ ᠬᠦᠳᠡᠯᠪᠦᠷᠢ ᠠᠵᠢᠯᠯᠠᠭ᠎ᠠ ᠶᠢ ᠡᠷᠬᠢᠯᠡᠨ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠤᠨ ᠬᠡᠷᠡᠭᠴᠡᠭᠡ  ᠶᠢ ᠲᠠᠰᠤᠷᠠᠯᠲᠠ ᠦᠭᠡᠢ ᠬᠠᠩᠭᠠᠨ᠎ᠠ᠃ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ  ᠤᠯᠠᠮᠵᠢᠯᠠᠬᠤ   ᠶᠢ ᠴᠢᠩᠭᠠᠳᠬᠠᠨ᠂ ᠲᠠᠶᠢᠹᠤᠰᠧ ᠬᠤᠰᠢᠭᠤᠨ ᠤ ᠮᠦᠽᠧᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠤᠨ᠎ᠠ᠃        ︵ᠳᠣᠯᠤᠭ᠎ᠠ︶ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃  ᠬᠦᠭᠵᠢᠯᠳᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠵᠤ᠂  ︽ᠭᠤᠷᠪᠠᠨ ᠬᠠᠮᠢᠶᠠᠷᠤᠯᠳᠠ ᠭᠤᠷᠪᠠᠨ  ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ  ᠂ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠪᠠ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ  ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠳᠡᠢ᠃ ᠠᠶᠤᠯ ᠲᠦᠭᠰᠢᠭᠦᠷᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠨ᠎ᠠ᠃  ᠠᠵᠢᠯ ᠲᠥᠷᠥᠯ ᠤᠨ ᠬᠢᠷᠢ ᠬᠡᠮ ᠲᠠᠢ ᠨᠤᠳᠤᠭ ᠤᠨ ᠠᠵᠤ ᠠᠬᠤᠶᠢᠯᠠᠯ ᠢ  ᠪᠤᠶᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠯ᠎ᠡ  ᠲᠦᠷᠦᠯ ᠤᠨ ᠠᠵᠤ ᠠᠬᠤᠢ ᠶᠢᠨ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ  ᠶᠢ ᠲᠣᠭᠲᠠᠭᠤᠨ ᠢᠶᠠᠷ ᠠᠷᠢᠯᠭᠠᠵᠤ ᠂ ᠳᠠᠯᠳᠠ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠦᠨᠡᠨᠴᠢ ᠢᠲᠡᠭᠡᠮᠵᠢ ᠶᠢᠨ ᠢᠨᠵᠧᠨᠧᠷᠢᠩ︾ ᠢ ᠰᠠᠶᠢᠲᠤᠷ ᠭᠡᠷᠡᠭᠵᠢᠬᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠳᠡᠢ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠭᠡᠷᠡᠭᠳᠡᠢ᠃   ᠨᠡᠶᠢᠬᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠨᠡᠴᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠳᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠰᠠᠶᠢᠨ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠢᠳᠡᠪᠬᠢᠲᠡᠢ ᠪᠠᠷ ᠪᠦᠯᠬᠦᠮᠳᠡᠬᠦᠯᠦᠨ ᠵᠢᠯᠤᠭᠤᠳᠴᠤ᠂  ︽ᠨᠠᠮ ᠤᠨ ᠢᠶᠠᠨ ᠠᠴᠢ ᠳᠤ ᠲᠠᠯᠠᠷᠬᠠᠬᠤ᠂  ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠲᠠᠭᠠᠬᠤ︾  ᠶᠢ ᠪᠡᠶᠡᠯᠡᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠲᠠᠯ᠎ᠠ ᠪᠠᠷ ᠲᠠᠶᠢᠹᠤᠰᠧ ᠬᠤᠰᠢᠭᠤᠨ ᠤ ᠰᠢᠨ᠎ᠡ ᠡᠭᠦᠷᠭᠡᠯᠡᠯ ᠢ ᠢᠯᠡᠷᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠳᠠ ᠶᠢ ᠤᠯᠠᠮ ᠬᠦᠨᠵᠡᠬᠡᠶᠢᠷᠡᠬᠦᠯᠦᠨ᠂  ᠵᠥᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠣᠭᠲᠠᠴᠠ ᠶᠢ ᠲᠡᠬᠦᠯᠳᠡᠷᠵᠢᠬᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠲᠣᠬᠢᠲᠠᠢ  ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃  ᠠᠷᠭ᠎ᠠ ᠤᠬᠠᠭᠠᠨ ᠰᠦᠪᠡᠭᠴᠢᠯᠡᠵᠦ ᠪᠠᠶᠢᠭᠠᠳ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠠᠰᠠᠭᠤᠳᠠᠯ ᠢ  ᠰᠢᠢᠳᠪᠦᠷᠢᠯᠡᠵᠦ᠂   ᠭᠡᠷ ᠪᠠᠶᠢᠰᠢᠩ ᠭᠠᠵᠠᠷ ᠰᠢᠷᠤᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠡᠮ ᠡᠪᠳᠡᠭᠳᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠲᠠᠯᠠᠭᠠᠷ ᠰᠦᠢᠳᠬᠦ︾ ᠶᠢ ᠰᠡᠷᠭᠡᠶᠢᠯᠡᠨ᠎ᠡ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠭᠠᠵᠠᠷ ᠰᠢᠷᠣᠢ ᠶᠢ ᠰᠤᠯᠠ ᠪᠠᠶᠢᠯᠭᠠᠬᠤ ᠪᠠ  ᠦᠷ᠎ᠡ ᠠᠰᠢᠭ ᠦᠬᠡᠢ ᠭᠡᠷᠡᠭᠯᠡᠬᠦ ᠠᠰᠠᠭᠤᠳᠠᠯ ᠢ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ᠂  ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠲᠤᠭ᠎ᠠ ᠪᠦᠷᠢᠳᠭᠡᠯ᠂ ᠬᠢᠨᠠᠨ ᠪᠤᠳᠤᠬᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃    ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠤᠯᠠᠮ ᠲᠡᠭᠡᠭᠰᠢᠯᠡᠬᠦᠯᠦᠨ᠎ᠡ᠃  ᠰᠤᠷᠲᠠᠯ ᠤᠨ ᠪᠠᠶᠢᠭᠤᠯᠤᠯᠲᠠ ᠶᠢ ᠢᠮᠠᠭᠲᠠ ᠪᠠᠷᠢᠮᠳᠠᠯᠠᠨ᠎ᠠ᠃ ᠵᠠᠰᠠᠭ ᠤᠨ ᠰᠤᠷᠲᠠᠯ ᠪᠤᠯ ᠵᠠᠰᠠᠭ ᠤᠨ ᠣᠷᠳᠣᠨ ᠤ ᠳᠦᠷᠢ ᠲᠥᠷᠬᠦ ᠪᠣᠯᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ ᠠᠮᠢ ᠨᠠᠰᠤ ᠪᠣᠯᠬᠤ ᠶᠤᠮ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠬᠦᠯᠦᠨ᠂ ᠨᠢᠭᠤᠷ ᠲᠠᠯ᠎ᠠ ᠬᠠᠷᠠᠬᠤ ᠦᠭᠡᠢ᠂ ᠬᠢᠷᠢ ᠬᠡᠮ ᠢ ᠬᠠᠮᠢᠶᠠᠷᠬᠤ ᠦᠭᠡᠢ ᠪᠠᠶᠢᠵᠤ᠂ ᠣᠪᠣᠷ ᠤᠨ ᠲᠠᠯ᠎ᠠ ᠪᠠᠷ ︽ᠬᠦᠯᠢᠶᠡᠬᠦ︾ ︽ ᠨᠠᠶᠢᠳᠠᠬᠤ︾ ︽ᠬᠢᠬᠠᠬᠤ︾᠂ ᠴᠠᠭ ᠤᠨ ᠲᠠᠯ᠎ᠠ ᠪᠠᠷ ︽ᠲᠦᠯᠬᠢᠬᠦ︾ ︽ᠵᠠᠶᠢᠯᠠᠬᠤ︾ ︽ᠲᠦᠰᠢᠭᠯᠡᠬᠦ︾᠂ ᠬᠡᠷᠡᠭᠵᠢᠭᠦᠯᠦᠯᠲᠡ ᠶᠢᠨ ᠲᠠᠯ᠎ᠠ ᠪᠠᠷ ︽ᠠᠯᠵᠠᠭᠤᠷᠠᠬᠤ︾ ︽ᠬᠤᠶᠢᠷᠭᠤᠰᠢᠬᠤ︾ ︽ᠰᠤᠯᠠᠷᠠᠬᠤ︾ ᠵᠡᠷᠭᠡ ᠦᠶᠯᠡ ᠠᠵᠢᠯᠯᠠᠭ᠎ᠠ ᠶᠢ ᠡᠷᠡᠰ ᠴᠡᠭᠡᠷᠯᠡᠬᠦ ᠬᠡᠷᠡᠭᠲᠡᠢ ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠠᠭ ᠢᠮᠠᠭᠲᠠ ᠵᠠᠰᠠᠭ ᠤᠨ ᠣᠷᠳᠣᠨ ᠤ ᠠᠵᠢᠯ ᠤᠨ ᠲᠡᠷᠢᠬᠦᠨ ᠱᠠᠭᠠᠷᠳᠠᠯᠭ᠎ᠠ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠵᠤ᠂ ᠪᠤᠰᠢᠭᠤ ᠱᠠᠯᠠᠮᠠᠭᠠᠢ ᠪᠠᠷ ᠠᠳᠬᠤᠵᠤ᠂ ᠦᠨᠡᠨ ᠪᠣᠳᠠᠲᠠᠢ ᠠᠳᠬᠤᠵᠤ᠂  ᠢᠳᠡᠭᠡᠯ ᠵᠣᠷᠢᠭᠲᠠᠢ ᠠᠳᠬᠤᠬᠤ ᠬᠡᠷᠡᠭᠲᠡᠢ᠂ ᠶᠠᠭᠠᠬᠢᠭᠰᠠᠨ ᠴᠤ ᠬᠦᠴᠢᠷᠳᠡᠯ ᠲᠤᠯᠭᠠᠷᠠᠪᠠᠯ ︽ᠵᠣᠭᠰᠣᠵᠤ︾᠂ ᠪᠣᠭᠤᠮᠢ ᠲᠤᠯᠭᠠᠷᠠᠪᠠᠯ ︽ᠤᠬᠤᠷᠢᠵᠤ︾᠂ ᠵᠥᠷᠢᠴᠡᠯ ᠲᠤᠯᠭᠠᠷᠠᠪᠠᠯ ︽ᠪᠤᠷᠤᠭᠤᠯᠠᠵᠤ︾ ᠪᠣᠯᠬᠤ ᠦᠭᠡᠢ᠃ ᠥᠷᠭᠡᠨ ᠤᠯᠠᠨ ᠨᠠᠮ ᠤᠨ ᠭᠡᠰᠢᠭᠦᠨ  ᠺᠠᠳ᠋ᠷᠴᠤᠳ ᠠᠵᠢᠯ ᠦᠢᠯᠡᠰ ᠢᠶᠠᠨ ᠲᠡᠭᠡᠳᠦᠯᠡᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ  ᠂ ᠰᠢᠷᠭᠠᠭᠤ ᠬᠠᠲᠠᠭᠤᠵᠢᠯᠲᠠᠢ ᠲᠡᠮᠡᠴᠡᠵᠦ᠂  ᠦᠨᠡᠨ ᠪᠤᠳᠠᠳᠠᠢ ᠠᠵᠢᠯᠯᠠᠨ᠂ ︽ ᠤᠷᠤᠭᠰᠢᠯᠠᠵᠤ ᠲᠠᠪᠰᠢᠬᠤ︾ ᠠᠴᠠ ᠪᠢᠰᠢ ︽ᠤᠷᠤᠨ ᠳᠠᠭᠠᠨ ᠵᠤᠭᠰᠤᠬᠤ︾  ᠦᠬᠡᠢ  ᠂ ︽ ᠬᠦᠳᠡᠯᠵᠦ ᠬᠢᠬᠦ︾ ᠠᠴᠠ ᠪᠢᠰᠢ ︽ ᠬᠦᠳᠦᠯᠦᠬᠦᠯᠵᠦ ᠠᠯᠬᠤᠬᠤ︾  ᠦᠭᠡᠢ ᠪᠠᠶᠢᠵᠤ᠂  ᠠᠵᠢᠯ ᠶᠠᠪᠤᠳᠠᠯ ᠨᠢᠬᠡᠪᠦᠷᠢ ᠶᠢ ᠦᠨᠡᠨ ᠪᠤᠳᠠᠳᠠᠢ ᠨᠠᠶᠢᠳᠠᠪᠤᠷᠢᠵᠢᠭᠤᠯᠤᠨ᠂ ︽ᠰᠢᠪᠠᠷ ᠦᠬᠡᠷ ᠳᠠᠯᠠᠢ ᠳᠤ ᠤᠷᠤᠵᠤ ᠰᠢᠪᠠᠷ ᠪᠤᠷᠬᠠᠨ ᠭᠤᠤᠯ ᠭᠠᠳᠤᠯᠬᠤ︾ ᠦᠵᠡᠭᠳᠡᠯ ᠢ ᠶᠠᠭᠠᠬᠢᠭᠰᠠᠨ ᠴᠤ ᠭᠠᠷᠭᠠᠵᠤ ᠪᠣᠯᠬᠤ ᠦᠭᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠬᠦᠳ ︽ᠬᠥᠭᠵᠢᠯᠲᠡ ᠳᠤ ᠬᠤᠷᠳᠤᠳᠬᠠᠭᠤᠷ ᠪᠠᠶᠢᠬᠤ ᠠᠴᠠ ᠪᠢᠰᠢ ᠲᠤᠷᠮᠤᠰᠯᠠᠭᠤᠷ ᠪᠠᠶᠢᠬᠤ ᠦᠭᠡᠢ᠂  ᠲᠦᠷᠭᠡᠳᠭᠡᠬᠦᠷ ᠪᠠᠶᠢᠬᠤ ᠠᠴᠠ ᠪᠢᠰᠢ ᠲᠡᠬᠦᠰᠬᠡᠯ ᠪᠠᠶᠢᠬᠤ ᠦᠬᠡᠢ  ︾ ᠭᠡᠳᠡᠭ ᠢ ᠰᠡᠷᠭᠡᠭ ᠢᠶᠠᠷ ᠲᠠᠨᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ᠂  ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ  ᠪᠦᠳᠦᠮᠵᠢᠳᠡᠢ ᠨᠠᠶᠢᠳᠠᠪᠤᠷᠢᠵᠢᠭᠤᠯᠬᠤ ᠬᠡᠷᠡᠭᠲᠡᠢ᠃  ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠪᠠᠷ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢ ᠪᠠᠷ ᠲᠣᠭᠲᠠᠭᠠᠭᠰᠠᠨ ᠡᠬᠦᠷᠭᠡ ᠲᠤᠰᠢᠶᠠᠯ   ᠢᠶᠠᠨ ᠡᠷᠬᠡᠪᠰᠢ ᠬᠦᠢᠴᠡᠳᠭᠡᠬᠦ ᠭᠡᠷᠡᠭᠳᠡᠢ᠃  ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠬᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ︽ᠭᠤᠷᠪᠠᠨ ᠴᠢᠬᠤᠯᠠ ᠨᠢᠭᠡ  ᠲᠤᠮᠤ︾ ᠶᠢᠨ ᠳᠦᠷᠢᠮ ᠢ ᠬᠡᠷᠡᠭᠵᠢᠭᠦᠯᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠬᠦᠴᠦᠯᠡᠬᠦ ᠴᠡᠭ ᠤᠨ ᠨᠢᠭᠡ ᠪᠣᠯᠭᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂  ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠬᠠᠤᠯᠢᠵᠢᠯ ᠤᠨ ᠵᠠᠮ ᠢᠶᠠᠷ ᠥᠨᠳᠥᠷ ᠪᠦᠲᠦᠮᠵᠢᠲᠡᠶ ᠶᠠᠪᠤᠭᠳᠠᠭᠤᠯᠤᠨ᠎ᠠ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠳᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠦᠢᠯᠡᠳᠦᠯᠭᠡᠵᠢᠬᠦᠯᠦᠨ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ ᠠᠮᠵᠢᠯᠲᠠ ᠪᠠᠨ ᠪᠣᠯᠭᠠᠬᠤ ᠬᠡᠷᠡᠭᠲᠡᠢ᠃ ᠪᠣᠳᠠᠲᠠᠢ ᠠᠵᠢᠯᠯᠠᠬᠤ ᠲᠠᠯ᠎ᠠ ᠪᠠᠷ᠂  ︽ᠰᠢᠨ᠎ᠡ ᠨᠣᠶᠠᠨ ᠬᠠᠭᠤᠴᠢᠨ ᠲᠠᠩᠰᠠ ᠶᠢ ᠦᠯᠦ ᠬᠠᠮᠢᠶᠠᠷᠬᠤ︾ ᠶᠠᠪᠤᠳᠠᠯ ᠢ ᠬᠢᠵᠦ ᠪᠣᠯᠬᠤ ᠦᠭᠡᠢ ᠮᠥᠷᠲᠡᠭᠡᠨ ᠨᠢᠳᠦᠨ ᠡᠮᠦᠨᠡᠬᠢ ᠪᠠᠨ ᠯᠠ ᠪᠤᠳᠤᠭᠠᠳ ᠠᠯᠤᠰ ᠢᠷᠡᠭᠡᠳᠦᠢ ᠶᠢ ᠬᠠᠶᠢᠬᠤᠷᠬᠤ ᠦᠭᠡᠢ᠂ ᠢᠷᠡᠭᠡᠳᠦᠢ ᠳᠤ ᠶᠠᠷᠰᠢᠭ ᠲᠦᠪᠡᠭ ᠦᠯᠡᠳᠡᠭᠡᠬᠦ ᠶᠠᠪᠤᠳᠠᠯ ᠢ ᠴᠤ ᠬᠢᠵᠦ ᠪᠣᠯᠬᠤ ᠦᠭᠡᠢ᠂ ᠨᠡᠩ ᠴᠤ ︽ ᠤᠷᠤ ᠡᠵᠡᠯᠡᠨ ᠪᠤᠳᠠᠭ᠎ᠠ ᠢᠳᠡᠵᠦ︾ ᠵᠠᠰᠠᠭ ᠤᠨ ᠶᠠᠪᠤᠳᠠᠯ ᠢ ᠪᠣᠳᠣᠯᠬᠢᠯᠠᠬᠤ ᠦᠭᠡᠢ ᠪᠠᠶᠢᠵᠤ ᠶᠠᠭᠠᠬᠢᠭᠰᠠᠨ ᠪᠣᠯᠬᠤ ᠦᠭᠡᠢ᠃ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ᠂ ᠬᠡᠨ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠡᠨ ᠠᠵᠢᠯ ᠤᠨ ᠪᠠᠶᠢᠷᠢ ᠪᠠᠨ ᠬᠠᠶᠢᠷᠠᠯᠠᠬᠤ ᠦᠭᠡᠢ ᠪᠣᠯ ᠲᠡᠭᠦᠨ ᠢ ︽ ᠠᠵᠢᠯ ᠤᠨ ᠪᠠᠶᠢᠷᠢ ᠠᠴᠠ ᠪᠠᠭᠤᠬᠤ︾ ᠶᠢ ᠰᠠᠨᠠᠭᠤᠯᠤᠨ᠎ᠠ᠃ ︽12345︾ ᠪᠣᠯ ᠤᠯᠠᠨ ᠲᠦᠮᠡᠨ ᠠᠴᠠ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠬᠢᠨᠠᠯᠲᠠ ᠲᠠᠯᠪᠢᠬᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠡᠷᠡᠭᠵᠢᠭᠦᠯᠬᠦ‍ ᠨᠢᠭᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠮᠥᠨ᠂ ᠪᠢᠳᠡ ᠡᠷᠬᠡᠪᠰᠢ ᠨᠠᠷᠢᠨ ᠬᠢᠨᠠᠮᠠᠭᠠᠢ ᠬᠠᠨᠳᠤᠵᠤ᠂ ᠴᠠᠭ ᠲᠤᠬᠠᠢ ᠳᠤᠨᠢ ᠬᠠᠷᠢᠭᠤ ᠥᠭᠴᠦ᠂ ᠡᠪ ᠲᠤᠮᠳᠠᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠳᠡᠭᠡᠳ ᠤᠨ  ᠰᠢᠭᠦᠮᠵᠢᠯᠡᠯ ᠪᠠ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠬᠦᠯᠢᠶᠡᠨ᠂ ᠵᠠᠰᠠᠭ ᠤᠨ ᠣᠷᠳᠣᠨ  ᠤ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠪᠠᠳᠤᠯᠠᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠪᠠᠳᠠᠷᠠᠭᠤᠯᠤᠨ᠂ ᠪᠠᠶᠢᠳᠠᠯ ᠢ ᠨᠢᠭᠡᠳᠦᠭᠡᠷ ᠹᠷᠣᠨᠲ ᠲᠤ ᠡᠵᠡᠮᠰᠢᠵᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ  ᠬᠡᠷᠡᠭᠲᠡᠢ᠃ ᠠᠷᠢᠭᠤᠨ ᠴᠢᠬᠡᠴᠢ ᠠᠵᠢᠯᠴᠢ ᠠᠷᠪᠢᠴᠢ ᠪᠠᠶᠢᠬᠤ ᠶᠢ ᠢᠮᠠᠭᠲᠠ ᠪᠠᠷᠢᠮᠲᠠᠯᠠᠨ᠎ᠠ᠃  ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ  ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠬᠦᠢᠴᠡᠳᠭᠡᠨ᠂  ᠵᠠᠰᠠᠭ ᠤᠨ ᠣᠷᠳᠣᠨ ᠤ ᠰᠢᠰᠲ᠋ᠧᠮ ᠪᠠ ᠤᠯᠤᠰ ᠤᠨ  ᠦᠮᠴᠢᠯᠡᠯᠳᠦ ᠠᠵᠤ ᠠᠬᠤᠶᠢᠯᠠᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠨ ᠠᠳᠬᠤᠬᠤ ᠭᠡᠷᠡᠭᠳᠡᠢ᠃ ︽ᠡᠮᠡᠬᠡᠯ ᠢᠶᠠᠨ ᠵᠠᠰᠠᠵᠤ ᠵᠢᠯᠣᠭᠤ ᠪᠠᠨ ᠲᠠᠳᠠᠬᠤ︾ ᠲᠣᠭᠲᠠᠯ ᠬᠦᠴᠦᠨ ᠢᠶᠠᠷ ︽ᠲᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ᠂  ᠲᠥᠪ ᠤᠨ ᠨᠠᠢᠮᠠᠨ ᠲᠣᠭᠲᠠᠭᠠᠯ ᠪᠠ  ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠡᠩ ᠤᠨ ᠴᠢᠨᠠᠷᠲᠠᠢ ᠵᠠᠷᠤᠯᠭ᠎ᠠ︾ ᠶᠢ  ᠪᠠᠭᠠᠰᠬᠠᠨ᠂ ︽ᠭᠤᠷᠪᠠᠨ ᠠᠯᠪᠠᠨ ᠵᠠᠷᠤᠳᠠᠯ︾ ᠢ  ᠬᠢᠵᠠᠭᠠᠷᠯᠠᠵᠤ᠂ ᠴᠢᠬᠤᠯᠠ ᠪᠤᠰᠤ ᠡᠳ᠋ ᠤᠨ ᠵᠠᠰᠠᠭ ᠤᠨ ᠵᠠᠷᠤᠯᠭ᠎ᠠ ᠶᠢ ᠴᠡᠭᠡᠷᠯᠡᠨ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠴᠢᠭ ᠠᠮᠢᠳᠤᠷᠠᠯ︾ ᠢᠶᠠᠷ  ᠠᠷᠠᠳ ᠲᠦᠮᠡᠨ ᠤ ︽ᠵᠢᠷᠭᠠᠯᠳᠤ ᠠᠮᠢᠳᠤᠷᠠᠯ︾ ᠢ ᠰᠣᠯᠢᠵᠤ  ᠠᠪᠴᠢᠷᠠᠬᠤ ᠭᠡᠷᠡᠭᠳᠡᠢ᠃      ᠲᠥᠯᠥᠭᠡᠯᠡᠭᠴᠢᠳ ᠠ᠋᠂  ᠬᠦᠮᠦᠨ ᠤ ᠨᠢᠬᠡ ᠨᠠᠰᠤᠨ ᠳᠤ ᠲᠠᠪᠤᠨ ᠵᠢᠯ ᠤᠯᠠᠨ ᠲᠤᠬᠢᠶᠠᠯᠳᠤᠬᠤ ᠦᠬᠡᠢ ᠶᠤᠮ᠂ ᠨᠢᠬᠡ ᠮᠡᠳᠡᠬᠦ ᠳᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠡᠬᠦᠷᠭᠡᠯᠡᠬᠦ ᠬᠤᠭᠤᠴᠠᠭ᠎ᠠ ᠴᠤ ᠬᠠᠭᠠᠰᠯᠠᠭᠠᠳ ᠪᠠᠶᠢᠭ᠎ᠠ᠂  ᠭᠡᠬᠦ ᠳᠡᠭᠡᠨ ᠮᠠᠰᠢ ᠤᠯᠠᠨ ᠠᠵᠢᠯ ᠰᠠᠶ᠋ᠢᠬᠠᠨ ᠡᠬᠢᠯᠡᠵᠦ᠂ ᠮᠠᠨ ᠤ  ᠠᠵᠢᠯ ᠡᠭᠦᠷᠭᠡ ᠴᠤ ᠲᠤᠶᠢᠯ ᠤᠨ ᠬᠦᠨᠳᠦ ᠨᠦᠰᠡᠷ ᠪᠠᠶᠢᠨ᠎ᠠ᠃  ᠥᠨᠥᠳᠥᠷ ᠤᠨ ᠲᠠᠶᠢᠹᠤᠰᠧ ᠬᠤᠰᠢᠭᠤ ᠨᠢ ᠶᠠᠭ ᠰᠠᠶᠢᠬᠠᠨ ᠶᠡᠭᠡ ᠦᠢᠯᠡᠰ  ᠢ ᠪᠦᠳᠦᠭᠡᠬᠦ ᠰᠢᠨ᠎ᠡ ᠴᠠᠭ ᠦᠶ᠎ᠡ ᠳᠤ ᠣᠷᠣᠰᠢᠵᠤ᠂  ᠬᠦᠭᠵᠢᠯᠳᠡ ᠶᠢᠨ ᠢᠷᠡᠭᠡᠳᠦᠢ ᠴᠠᠭᠯᠠᠰᠢ ᠦᠬᠡᠢ ᠭᠡᠭᠡᠨ ᠰᠠᠷᠠᠭᠤᠯ  ᠪᠠᠶᠢᠭ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂  ᠡᠷᠴᠢ  ᠵᠤᠷᠢᠭ ᠲᠠᠢ ᠡᠷᠡᠮᠡᠬᠡᠶᠢᠯᠡᠨ ᠤᠷᠤᠭᠰᠢᠯᠠᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ  ᠲᠠᠩᠰᠤᠭ ᠲᠠᠶᠢᠹᠤᠰᠧ ᠬᠤᠰᠢᠭᠤ ᠶᠢ  ᠲᠦᠷᠭᠡᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠵᠡᠭᠡᠶ᠎ᠡ︕           ᠨᠡᠷ᠎ᠡ ᠦᠭᠡ ᠶᠢᠨ ᠲᠠᠶᠢᠯᠪᠤᠷᠢ᠄    ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ  ᠪᠠᠶᠢᠭᠤᠯᠤᠨ᠎ᠠ᠃     ᠪᠠᠭᠤᠯᠭᠠᠬᠤ ᠬᠠᠮᠢᠶᠠᠷᠬᠤ ᠦᠢᠯᠡᠴᠢᠯᠡᠬᠦ᠄  ︽ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ᠬᠠᠮᠢᠶᠠᠷᠬᠤ︾ ᠭᠡᠳᠡᠭ ᠨᠢ  ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ᠃ ︽ᠦᠢᠯᠡᠴᠢᠯᠡᠬᠦ︾ ᠭᠡᠳᠡᠭ ᠨᠢ  ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠦᠬᠦᠴᠡᠯ ᠢ ᠪᠣᠶ ᠪᠣᠯᠭᠠᠬᠤ ᠶᠢ ᠬᠡᠯᠡᠨ᠎ᠡ᠃      ᠲᠦᠷᠪᠡᠨ ᠬᠦᠢᠴᠡᠳᠭᠡᠬᠦ᠄   ᠲᠦᠷᠭᠡᠨ ᠬᠦᠢᠴᠡᠳᠭᠡᠬᠦ᠂ ᠰᠦᠯᠵᠢᠶᠡᠨ ᠳᠡᠭᠡᠷ᠎ᠡ ᠬᠦᠢᠴᠡᠳᠭᠡᠬᠦ  ᠂ ᠣᠶᠢᠷ᠎ᠠ ᠬᠠᠪᠢ ᠳᠠᠭᠠᠨ ᠬᠦᠢᠴᠡᠳᠭᠡᠬᠦ᠂ ᠨᠢᠭᠡ ᠯᠡ ᠤᠳᠠᠭ᠎ᠠ ᠳᠤ ᠬᠦᠢᠴᠡᠳᠭᠡᠬᠦ  ᠃     ᠨᠢᠭᠡ ᠰᠦᠯᠵᠢᠶ᠎ᠡ ᠪᠠᠷ ᠬᠦᠢᠴᠡᠳᠭᠡᠬᠦ  ᠄ ᠳᠠᠷᠤᠢ ᠨᠢᠬᠡ ᠯᠡ ᠰᠦᠯᠵᠢᠶ᠎ᠡ ᠪᠠᠷ ᠪᠥᠬᠦ ᠶᠠᠪᠤᠳᠠᠯ ᠢ ᠬᠦᠢᠴᠡᠳᠬᠡᠬᠦ  ᠶᠢ ᠬᠡᠯᠡᠨ᠎ᠡ᠂ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ  ᠨᠡᠪᠳᠡᠷᠡᠬᠦᠯᠵᠦ᠂ ᠣᠯᠠᠨ ᠲᠦᠮᠡᠨ ᠵᠥᠪᠬᠡᠨ ᠨᠢᠭᠡ ᠯᠡ ᠰᠢᠰᠲ᠋ᠧᠮ ᠲᠡᠭᠡᠷ᠎ᠡ ᠠᠵᠢᠯᠯᠠᠪᠠᠯ ᠠᠳᠠᠯᠢ ᠪᠤᠰᠤ  ᠬᠦᠷᠢᠶ᠎ᠡ ᠴᠠᠷᠠᠭᠠᠨ ᠤ ᠶᠠᠪᠤᠳᠠᠯ ᠢ ᠬᠦᠢᠴᠡᠳᠭᠡᠵᠦ ᠲᠡᠶᠢᠯᠦᠨ᠎ᠡ᠂  ᠡᠶᠢᠨᠬᠦ ︽ ᠬᠢᠭᠡᠳ ᠲᠠᠭᠤᠰᠬᠤ ᠦᠭᠡᠢ ᠭᠦᠢᠴᠡᠳᠬᠡᠯ᠂ ᠳᠠᠷᠤᠭᠠᠳ ᠬᠦᠢᠴᠡᠬᠦ ᠦᠭᠡᠢ ᠲᠠᠮᠠᠭ᠎ᠠ᠂ ᠭᠦᠶᠦᠭᠡᠳ ᠪᠠᠷᠠᠬᠤ ᠦᠭᠡᠢ ᠵᠠᠮ︾ ᠤᠨ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠠᠷᠢᠮᠲᠠ ᠶᠢ ᠢᠯᠡᠭᠦᠦ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠨ᠎ᠠ᠃     ᠬᠤᠶᠠᠷ ᠢ ᠰᠢᠯᠢᠳᠡᠭᠵᠢᠬᠦᠯᠬᠦ ᠲᠤᠰᠬᠠᠢ ᠠᠵᠢᠯᠯᠠᠭ᠎ᠠ᠄ ᠡᠭᠦᠷᠭᠡ ᠬᠠᠷᠢᠭᠤᠴᠠᠯᠭ᠎ᠠ ᠦᠢᠯᠡᠳᠦᠯ ᠴᠢᠳᠠᠮᠵᠢ ᠶᠢ ᠰᠢᠯᠢᠳᠡᠭᠵᠢᠭᠦᠯᠬᠦ᠂ ᠠᠵᠢᠯ ᠤᠨ ᠠᠯᠬᠤᠮ ᠶᠠᠪᠤᠴᠠ ᠶᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ᠃  ᠵᠣᠷᠢᠯᠭ᠎ᠠ ᠨᠢ ᠡᠯ᠎ᠡ  ᠲᠦᠷᠦᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠳᠬᠠᠬᠤ ᠶᠢ ᠠᠬᠢᠭᠤᠯᠵᠤ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠠᠷ  ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ  ᠲᠡᠭᠡᠭᠰᠢᠯᠡᠬᠦᠯᠦᠨ᠎ᠡ᠃    ᠮᠢᠩᠭᠠᠨ ᠲᠦᠮᠡ   ᠶᠢᠨ ᠢᠨᠵᠧᠨᠧᠷᠢᠩ᠄ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠂ ᠲᠤᠬᠠᠶᠢᠯᠠᠪᠠᠯ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾   ᠪᠠᠷ  ᠲᠠᠮᠵᠢᠭᠠᠳ ᠲᠦᠭ ᠲᠦᠮᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃         ᠬᠤᠶᠠᠷ ᠢ ᠪᠠᠭᠠᠰᠬᠠᠵᠤ ᠬᠤᠶᠠᠷ ᠢ ᠬᠢᠵᠠᠭᠠᠷᠯᠠᠬᠤ᠄  ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ  ᠂  ᠬᠢᠮᠢ ᠶᠢᠨ ᠪᠣᠷᠳᠣᠭᠤᠷ᠂  ᠲᠠᠷᠢᠶᠠᠨ ᠡᠮ ᠤᠨ ᠬᠡᠷᠡᠭᠯᠡᠯᠲᠡ ᠳᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠷ ᠪᠠᠷᠠᠬᠤ ᠦᠭᠡᠢ ᠪᠠᠰᠠ ᠢᠳᠡ ᠬᠦᠴᠦ ᠶᠢ ᠬᠢᠵᠠᠭᠠᠷᠯᠠᠨ᠎ᠠ᠃     ᠬᠤᠶᠠᠷ ᠢ ᠬᠦᠩᠬᠡᠷᠡᠬᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠬᠡᠳᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃      ᠭᠤᠷᠪᠠᠨ ᠳᠠᠪᠬᠤᠷ ᠪᠠᠲᠤᠯᠠᠭ᠎ᠠ᠄ ᠳᠠᠷᠤᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠣᠯᠣᠨ᠎ᠠ᠃     ︽8.5︾ ᠬᠠᠤᠯᠢ ᠲᠦᠬᠡᠮᠡᠯᠵᠢᠬᠦᠯᠦᠯᠳᠡ᠄ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ  ︽ᠨᠠᠢᠮᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ︵2021 ︱ 2025 ᠣᠨ︶᠃     ᠲᠤᠷᠠᠨ ᠬᠠᠷᠠᠭ᠎ᠠ ᠢᠨᠵᠧᠨᠧᠷᠢᠩ᠄  ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠬᠠᠷᠠᠭᠠᠨ ᠲᠠᠪᠳᠠᠮᠵᠢᠳᠤ ᠡᠵᠡᠮᠳᠡᠯ ᠢᠶᠠᠷ ᠭᠤᠣᠯᠳᠠᠯᠭ᠎ᠠ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠯᠳᠡ ᠶᠢᠨ ᠢᠨᠵᠧᠨᠧᠷᠢᠩ  ᠃      ᠲᠦᠷᠪᠡᠨ ᠡᠶᠡᠳᠡᠬᠦᠯᠬᠡ ᠶᠢ ᠠᠭᠤᠰᠤᠯᠴᠠᠭᠤᠯᠬᠤ᠄  ᠠᠩᠬᠠᠨ ᠤ ᠵᠥᠷᠢᠴᠡᠯ ᠢ ᠲᠤᠬᠠᠢ ᠶᠢᠨ ᠭᠠᠵᠠᠷ ᠲᠤᠨᠢ ᠡᠶᠡᠳᠡᠬᠦᠯᠬᠦ᠂ ᠤᠯᠠᠨ ᠳᠤ ᠬᠤᠯᠪᠣᠭᠳᠠᠭᠰᠠᠨ ᠵᠥᠷᠢᠴᠡᠯ ᠢ ᠲᠥᠯᠥᠭᠡᠯᠡᠭᠴᠢ ᠲᠤᠮᠢᠯᠠᠵᠤ ᠡᠶᠡᠳᠡᠬᠦᠯᠬᠦ᠂ ᠬᠦᠴᠢᠷ ᠲᠦᠪᠡᠭᠲᠡᠢ ᠵᠥᠷᠢᠴᠡᠯ ᠢ ᠬᠠᠮᠳᠤᠷᠠᠵᠤ ᠪᠠᠶᠢᠭ᠎ᠠ ᠡᠶᠡᠳᠡᠬᠦᠯᠬᠦ᠂  ᠵᠠᠷᠭᠤ ᠠᠴᠠ ᠡᠮᠦᠨᠡᠬᠢ ᠵᠥᠷᠢᠴᠡᠯ ᠢ ᠲᠤᠰᠬᠠᠢ ᠲᠤᠰᠢᠶᠠᠯᠳᠠᠨ ᠡᠶᠡᠳᠡᠬᠦᠯᠬᠦ᠃      ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ᠄ ᠨᠡᠶᠢᠭᠡᠮ ᠤᠨ ᠵᠠᠰᠠᠯᠲᠠ ᠶᠢ ᠥᠷᠨᠢᠭᠦᠯᠬᠦ ᠶᠠᠪᠤᠴᠠ ᠳᠤ ︽ᠲᠠᠪᠤ ᠶᠢ ᠪᠠᠷᠢᠮᠲᠠᠯᠠᠬᠤ  ︾ ᠶᠢ ᠭᠡᠷᠡᠭᠵᠢᠬᠦᠯᠦᠨ᠎ᠡ᠂ ᠲᠤᠬᠠᠶᠢᠯᠠᠪᠠᠯ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ︽ᠭᠤᠷᠪᠠᠨ ᠵᠠᠰᠠᠯᠲᠠ ᠶᠢᠨ ᠠᠭᠤᠰᠤᠯᠴᠠᠯ︾ ᠢ ᠪᠠᠷᠢᠮᠲᠠᠯᠠᠵᠤ᠂ ᠬᠥᠮᠥᠨ ᠤ ᠰᠡᠷᠭᠡᠶᠢᠯᠡᠯᠳᠡ᠂ ᠪᠣᠳᠠᠰ ᠤᠨ  ᠰᠡᠷᠭᠡᠶᠢᠯᠡᠯᠳᠡ᠂ ᠮᠡᠷᠭᠡᠵᠢᠯ  ᠤᠨ ᠰᠡᠷᠭᠡᠶᠢᠯᠡᠯᠳᠡ᠂ ᠰᠡᠳᠬᠢᠯ  ᠤᠨ  ᠰᠡᠷᠭᠡᠶᠢᠯᠡᠯᠳᠡ ︽ᠲᠦᠷᠪᠡᠨ ᠰᠡᠷᠭᠡᠶᠢᠯᠡᠯᠳᠡ ᠶᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃       ᠲᠦᠷᠪᠡᠨ ᠰᠤᠷᠲᠠᠯ᠄  ᠬᠡᠯᠪᠡᠷᠢᠴᠢ ᠦᠵᠡᠯ  ᠂ ᠨᠣᠶᠠᠨᠴᠢ ᠰᠤᠷᠲᠠᠯ᠂ ᠵᠢᠷᠭᠠᠨ ᠴᠡᠩᠭᠡᠬᠦ  ᠰᠤᠷᠳᠠᠯ ᠪᠠ ᠱᠠᠯᠢᠨ ᠪᠦᠷᠢᠯᠭᠡᠬᠦ ᠰᠤᠷᠲᠠᠯ ᠵᠡᠷᠭᠡ ᠲᠦᠷᠪᠡᠨ ᠵᠦᠢᠯ ᠤᠨ ᠲᠥᠪ ᠪᠤᠰᠤ ᠰᠤᠷᠲᠠᠯ᠃     ᠡᠮᠨᠡᠯᠭᠡ ᠶᠢᠨ ᠬᠤᠯᠪᠤᠭᠠᠳᠤ ᠴᠣᠭᠴᠠ᠄  ᠬᠤᠰᠢᠭᠤ ᠱᠠᠳᠤᠨ ᠤ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ ᠪᠣᠯᠭᠠᠵᠤ᠂ ᠬᠤᠰᠢᠭᠤ᠂ ᠰᠤᠮᠤ ᠰᠢᠶᠠᠩ ᠪᠠᠯᠭᠠᠰᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠡᠶᠢᠳᠭᠡᠨ᠂ ᠨᠢᠭᠡ ᠡᠮᠴᠢᠯᠡᠭᠡᠨ ᠤ ᠰᠢᠰᠲ᠋ᠧᠮᠵᠢ ᠶᠢ ᠪᠦᠷᠢᠯᠳᠦᠬᠦᠯᠵᠦ᠂ ᠡᠬᠢ ᠪᠠᠶᠠᠯᠢᠭ ᠤᠨ ᠳᠠᠪᠠᠭᠤᠯᠢᠭ ᠪᠠ ᠮᠡᠷᠭᠡᠵᠢᠯ ᠤᠨ ᠳᠠᠪᠠᠭᠤᠯᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃      ᠳᠥᠷᠪᠡᠨ ᠬᠠᠮᠤᠭ ᠤᠨ ᠴᠢᠩᠭ᠎ᠠ ᠱᠠᠭᠠᠷᠳᠠᠯᠭ᠎ᠠ᠄  ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠵᠠᠯᠬᠠᠭᠠᠯ ᠰᠢᠳᠬᠡᠯ ᠢ ᠭᠡᠷᠡᠭᠵᠢᠬᠦᠯᠵᠦ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ᠃      ᠲᠤᠯᠤᠭ᠎ᠠ ᠶᠢ ᠲᠠᠶᠠᠭᠳᠠᠬᠤ᠄ ︽ᠬᠥᠮᠥᠨ ᠢ ᠪᠢᠳᠡ ᠬᠡᠵᠢᠶᠡᠳᠡ ᠬᠦᠷᠬᠦ ᠦᠭᠡᠢ︾  ᠬᠡᠮᠡᠬᠦ ᠦᠵᠡᠯ᠂ ︽ᠬᠥᠭᠵᠢᠭᠦᠯᠬᠦ ᠳᠤ ᠲᠡᠩᠳᠡᠬᠦᠦ ᠶᠠᠭᠠᠷᠠᠬᠤ ᠭᠡᠷᠡᠭ ᠦᠭᠡᠢ︾  ᠬᠡᠮᠡᠬᠦ ᠪᠤᠳᠤᠯ᠂ ︽ᠶᠠᠪᠤᠴᠠ ᠶᠢ ᠴᠢᠬᠤᠯᠠᠴᠢᠯᠠᠭᠠᠳ ᠳ᠋ᠦᠩ ᠢ ᠴᠢᠬᠤᠯᠠᠴᠢᠯᠠᠬᠤ ᠦᠭᠡᠢ︾  ᠤᠬᠠᠮᠰᠠᠷ᠂ ︽ᠵᠣᠷ ᠦᠭᠡᠢ ᠪᠣᠯ ᠡᠮ ᠦᠭᠡᠢ︾ ᠬᠡᠮᠡᠬᠦ ᠤᠶᠢᠯᠠᠭᠠᠯᠳᠠ᠂ ︽ ᠡᠮᠦᠨᠡᠬᠢ ᠪᠠᠨ ᠬᠠᠷᠠᠭᠠᠳ ᠬᠤᠯᠠ ᠶᠢ ᠪᠠᠷᠠᠯᠠᠬᠤ ᠦᠭᠡᠢ︾ ᠰᠡᠳᠬᠢᠴᠡ᠂ ︽ᠨᠠᠷᠢᠨ ᠵᠦᠢᠯᠡᠰ ᠴᠢᠬᠤᠯᠠ ᠪᠤᠰᠤ᠂ ᠪᠠᠷᠤᠭᠳᠠᠢ ᠪᠤᠯ ᠪᠤᠯᠴᠢᠬᠠᠨ᠎ᠠ︾  ᠬᠡᠮᠡᠬᠦ ᠰᠡᠳᠬᠢᠯᠭᠡ  ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠭᠳᠠᠨ᠎ᠠ᠃         ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄  ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠪᠠᠭᠤᠯᠭᠠᠬᠤ᠂  ᠠᠬᠤᠢ  ᠲᠠᠯᠠᠪᠠᠢ   ᠶᠢᠨ ᠠᠯᠪᠠᠯᠠᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号