︽ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ | 724 ᠲᠣᠭᠠᠲᠤ ᠵᠠᠷᠯᠢᠭ ︶ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠮᠠᠯᠴᠢᠨ ᠲᠠᠷᠢᠶᠠᠴᠢᠨ ᠭᠠᠷᠤᠯ ᠲᠠᠢ ᠬᠥᠯᠥᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ | ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ | ᠴᠠᠯᠢᠩ ᠤᠨ ᠦᠷᠢᠳᠦᠯ ᠢ ᠵᠠᠰᠠᠬᠤ︾ ᠠᠴᠠ ︽ ᠴᠠᠯᠢᠩ ᠤᠨ ᠦᠷᠢᠳᠦᠯ ᠢ ᠰᠡᠷᠭᠡᠶᠢᠯᠡᠬᠦ︾ ᠳᠠᠰᠢ | ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ | ᠮᠡᠳᠦ ᠠᠷᠭ᠎ᠠ ᠬᠡᠮᠵᠢᠶ᠎ᠡ ᠶᠢ ᠲᠤᠭᠳᠠᠭᠠᠪᠠ᠃ | ᠨᠢᠭᠡ᠂ ᠠᠵᠢᠯ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ︵ᠨᠢᠭᠡ︶ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠬᠦ ᠦᠭᠡᠢ | ᠠᠰᠠᠭᠤᠳᠠᠯ ᠳᠤ ᠴᠢᠭᠯᠡᠬᠦᠯᠵᠦ᠂ ᠬᠤᠰᠢᠭᠤ ᠰᠢᠶᠠᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠮᠠᠯᠴᠢᠨ ᠲᠠᠷᠢᠶᠠᠴᠢᠨ ᠭᠠᠷᠤᠯ ᠲᠠᠢ ᠬᠥᠯᠥᠰᠦᠨ ᠠᠵᠢᠯᠴᠢᠨ ᠤ | ᠴᠠᠯᠢᠩ ᠤᠨ ᠪᠠᠳᠤᠯᠠᠭᠠᠨ ᠤ ᠠᠵᠢᠯ ᠢ ᠬᠠᠷᠢᠭᠤᠴᠠᠨ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ | ᠲᠣᠰ ᠵᠠᠰᠠᠭ ᠵᠠᠬᠢᠷᠭᠠᠨ ᠤ ᠣᠷᠣᠨ ᠳᠠᠬᠢ ᠴᠠᠯᠢᠩ ᠤᠨ ᠪᠠᠳᠤᠯᠠᠭᠠᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ | ᠪᠣᠯᠣᠨ᠎ᠠ᠃ | ︵ᠬᠤᠶᠠᠷ︶ ᠭᠡᠰᠢᠬᠦᠨ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ | ᠴᠢᠭᠯᠡᠬᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠵᠣᠬᠢᠶᠠᠨ ᠪᠠᠶᠢᠭᠤᠯᠵᠤ | ᠵᠣᠬᠢᠴᠠᠭᠤᠯᠬᠤ᠂ ᠬᠠᠮᠢᠶᠠᠷᠴᠤ ᠵᠢᠯᠤᠭᠤᠳᠬᠤ ᠪᠠ ᠬᠢᠨᠠᠨ ᠪᠠᠶᠢᠴᠠᠭᠠᠬᠤ ᠠᠵᠢᠯ ᠢ ᠦᠨᠡᠨᠬᠦ ᠰᠠᠶᠢᠨ ᠬᠢᠵᠦ᠂ | ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ | ᠲᠦᠷᠢᠮᠵᠢᠬᠦᠯᠦᠨ᠂ ᠬᠥᠮᠥᠨ ᠬᠡᠷᠡᠭᠯᠡᠬᠦ ᠨᠢᠭᠡᠴᠡ ᠶᠢᠨ ᠴᠠᠯᠢᠩ ᠤᠨ ᠪᠠᠳᠤᠯᠠᠭᠠᠨ ᠤ ᠳᠦᠷᠢᠮ ᠲᠤᠭᠳᠠᠭᠠᠯ ᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ᠂ ᠬᠠᠤᠯᠢ ᠪᠤᠰᠤ ᠲᠠᠭᠠᠭᠠᠴᠢᠯᠠᠭᠤᠯᠤᠯᠳᠠ | ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠬᠦ ᠳᠤ | ᠬᠦᠷᠦᠭᠦᠯᠦᠭᠰᠡᠨ ᠬᠠᠤᠯᠢ ᠪᠤᠰᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠤᠭᠠᠬᠤ ᠪᠠ | ᠴᠡᠭᠴᠡᠯᠡᠨ ᠵᠠᠯᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ | ᠤᠷᠤᠭᠤᠯᠤᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ | ᠵᠥᠪᠰᠢᠶᠡᠷᠡᠭᠦᠯᠦᠭᠰᠡᠨ ᠲᠥᠰᠥᠪ ᠢ ᠦᠨᠳᠦᠰᠦᠯᠡᠵᠦ ᠪᠠᠶᠢᠭᠠᠳ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ | ᠶᠣᠰᠣᠭᠠᠷ ᠰᠢᠯᠵᠢᠭᠦᠯᠦᠨ ᠥᠭᠴᠦ᠂ ᠬᠡᠷᠡᠭᠰᠡᠬᠦ ᠪᠡᠯᠡ ᠮᠥᠩᠭᠦ ᠶᠢ ᠤᠯᠤᠰ ᠤᠨ ᠬᠤᠯᠪᠣᠭᠳᠠᠯ ᠪᠦᠬᠦᠢ ᠲᠦᠷᠢᠮ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ | ᠴᠠᠯᠢᠩ ᠬᠦᠯᠦᠰᠦ ᠳᠤ ᠬᠤᠯᠪᠤᠭᠳᠠᠭᠰᠠᠨ ᠰᠡᠵᠢᠭᠯᠡᠯᠲᠡᠢ ᠬᠡᠷᠡᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ | ᠬᠦᠯᠦᠰᠦᠨ ᠠᠵᠢᠯᠴᠢᠨ ᠤ ᠴᠠᠯᠢᠩ ᠤᠨ ᠦᠷᠢᠳᠦᠯ ᠠᠴᠠ ᠪᠣᠯᠤᠭᠰᠠᠨ ᠨᠡᠶᠢᠭᠡᠮ ᠤᠨ ᠠᠮᠤᠷ ᠲᠦᠪᠰᠢᠨ ᠤ ᠬᠡᠷᠡᠭ ᠢ | ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠠᠤᠯᠢ ᠴᠠᠭᠠᠵᠠ ᠶᠢᠨ ᠲᠤᠪᠴᠢᠶ᠎ᠠ᠂ ᠠᠷᠠᠳ ᠤᠨ ᠪᠠᠩᠬᠢ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠡᠷᠭᠡ ᠰᠠᠯᠠᠭ᠎ᠠ ᠮᠥᠴᠢᠷ ᠨᠢ ᠠᠵᠢᠯ ᠡᠬᠦᠷᠭᠡ ᠶᠢᠨ ᠬᠤᠪᠢᠶᠠᠷᠢᠯᠠᠯ | ᠶᠣᠰᠣᠭᠠᠷ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠶᠠᠷ᠂ ᠦᠨᠳᠦᠰᠦ ᠰᠤᠷᠪᠤᠯᠵᠢ ᠠᠴᠠ ᠨᠢ ᠵᠠᠰᠠᠬᠤ ᠶᠢ ᠴᠢᠬᠤᠯᠠᠴᠢᠯᠠᠵᠤ᠂ ᠳᠦᠷᠢᠮ ᠲᠤᠭᠳᠠᠭᠠᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ | ︵ᠭᠤᠷᠪᠠ︶ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠤᠨ ᠪᠡᠯᠡ | ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠭᠦᠭᠰᠡᠨ ᠦᠭᠡᠢ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ | ᠴᠢᠭᠯᠡᠬᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠨ ᠬᠢᠨ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠬᠠᠤᠯᠢ ᠶᠣᠰᠣᠭᠠᠷ ᠬᠦᠢᠴᠡᠳᠭᠡᠨ᠂ ᠲᠥᠷᠥᠯ ᠵᠦᠢᠯ ᠤᠨ | ᠬᠠᠮᠢᠶᠠᠷᠤᠯᠲᠠ ᠶᠢᠨ ᠲᠦᠷᠢᠮ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ | ᠬᠡᠷᠡᠭᠲᠡᠢ ᠃ ᠬᠠᠷᠢᠨ ᠪᠠᠷᠢᠯᠭ᠎ᠠ ᠶᠢᠨ ᠨᠢᠭᠡᠴᠡ ᠪᠠᠷ ᠪᠡᠯᠡ ᠮᠥᠩᠭᠦ ᠶᠢ ᠣᠷᠣᠯᠠᠨ ᠭᠠᠷᠭᠠᠭᠤᠯᠵᠤ ᠪᠣᠯᠬᠤ ᠦᠭᠡᠢ᠂ | ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠨᠡᠮᠡᠭᠳᠡᠭᠦᠯᠵᠦ ᠪᠣᠯᠬᠤ ᠦᠭᠡᠢ᠂ ᠪᠡᠯᠡ ᠣᠷᠣᠭᠤᠯᠤᠯᠲᠠ ᠶᠢᠨ | ᠲᠣᠶᠢᠮᠣ ᠲᠥᠰᠥᠪ ᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠲᠥᠷᠥᠯ ᠵᠦᠢᠯ ᠢ ᠲᠤᠭᠳᠠᠭᠰᠠᠨ | ᠬᠤᠭᠤᠴᠠᠭᠠᠨ ᠳᠤ ᠪᠠᠶᠢᠭᠤᠯᠬᠤ᠂ ᠪᠡᠯᠡ ᠮᠥᠩᠭᠦ ᠶᠢ ᠲᠤᠭᠳᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠡᠯᠡ | ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠡᠢ᠂ ᠬᠦᠯᠦᠰᠦᠨ ᠠᠵᠢᠯᠴᠢᠨ ᠤ ᠴᠠᠯᠢᠩ ᠢ | ᠦᠷᠢᠳᠦᠵᠦ ᠤᠳᠠᠭᠠᠰᠢᠷᠠᠭᠤᠯᠵᠤ ᠪᠣᠯᠬᠤ ᠦᠭᠡᠢ᠃ | ︵ᠳᠥᠷᠪᠡ︶ ᠪᠠᠷᠢᠯᠭ᠎ᠠ ᠶᠢᠨ ᠵᠣᠭᠤᠰ ᠢ ᠥᠭᠬᠦ ᠳᠤ ᠳᠠᠭᠠᠭᠠᠯᠲᠠ ᠬᠢᠬᠦ᠂ ᠪᠠᠷᠢᠯᠭ᠎ᠠ ᠪᠠᠷᠢᠬᠤ ᠶᠠᠪᠤᠴᠠ ᠶᠢ | ᠳ᠋ᠦᠩᠨᠡᠨ ᠪᠤᠳᠤᠬᠤ ᠪᠠ ᠲᠠᠩᠰᠠ ᠬᠤᠪᠢᠶᠠᠨ ᠬᠠᠮᠢᠶᠠᠷᠬᠤ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠲᠥᠷᠥᠯ ᠵᠦᠢᠯ ᠤᠨ ᠢᠨᠵᠧᠨᠧᠷᠢᠩ ᠤᠨ ᠵᠣᠭᠤᠰ ᠢ ᠴᠠᠭ ᠲᠤᠬᠠᠢ ᠳᠤᠨᠢ ᠥᠭᠭᠦᠭᠰᠡᠨ ᠦᠭᠡᠢ ᠵᠢᠴᠢ ᠢᠨᠵᠧᠨᠧᠷᠢᠩ ᠤᠨ | ᠵᠣᠭᠤᠰ ᠢ ᠥᠷᠢᠲᠦᠭᠰᠡᠨ ᠠᠴᠠ ᠪᠣᠯᠵᠤ ᠴᠠᠯᠢᠩ ᠥᠷᠢᠲᠦᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ | ᠪᠠᠷᠢᠭᠤᠯᠬᠤ ᠨᠢᠭᠡᠴᠡ ᠨᠢ ᠪᠠᠷᠢᠯᠭ᠎ᠠ ᠪᠠᠷᠢᠬᠤ ᠨᠢᠭᠡᠴᠡ ᠳᠤ ᠪᠠᠷᠢᠯᠭ᠎ᠠ ᠶᠢᠨ ᠵᠣᠭᠤᠰ ᠥᠭᠬᠦ ᠳᠠᠭᠠᠭᠠᠯᠲᠠ ᠬᠠᠩᠭᠠᠵᠤ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠪᠠᠷᠢᠯᠭ᠎ᠠ ᠪᠠᠷᠢᠭᠤᠯᠬᠤ ᠨᠢᠭᠡᠴᠡ ᠪᠠ ᠪᠠᠷᠢᠯᠭ᠎ᠠ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠶᠢ ᠱᠠᠭᠠᠷᠳᠠᠵᠤ ᠂ | ᠪᠠᠷᠢᠯᠭ᠎ᠠ ᠶᠢᠨ ᠵᠣᠭᠤᠰ ᠪᠣᠯᠣᠨ ᠬᠥᠮᠥᠨ ᠤ ᠬᠦᠴᠦᠨ ᠤ ᠵᠠᠷᠤᠳᠠᠯ ᠳᠤ ᠲᠠᠩᠰᠠ ᠬᠤᠪᠢᠶᠠᠨ ᠬᠠᠮᠢᠶᠠᠷᠬᠤ ᠠᠷᠭ᠎ᠠ ᠶᠢ | ᠬᠡᠷᠡᠭᠵᠢᠭᠦᠯᠵᠦ᠂ ᠪᠠᠷᠢᠯᠭ᠎ᠠ ᠶᠢᠨ ᠭᠡᠷ᠎ᠡ ᠶᠣᠰᠣᠭᠠᠷ ᠪᠠᠷᠢᠯᠭ᠎ᠠ ᠶᠢᠨ ᠵᠣᠭᠤᠰ ᠪᠣᠯᠣᠨ ᠬᠥᠮᠥᠨ ᠤ ᠬᠦᠴᠦᠨ ᠤ | ᠵᠠᠷᠤᠳᠠᠯ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠠᠯᠭᠠᠨ ᠥᠭᠬᠦ ᠬᠡᠷᠡᠭᠲᠡᠢ᠃ | ︵ᠲᠠᠪᠤ︶ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠦᠨᠡᠨ ᠨᠡᠷ᠎ᠡ ᠶᠢᠨ | ᠳᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ | ᠴᠢᠭᠯᠡᠬᠦᠯᠵᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠪᠤᠶᠤ ᠬᠤᠪᠢᠶᠠᠨ | ᠳᠠᠭᠠᠭᠠᠴᠢᠯᠠᠭᠰᠠᠨ ᠨᠢᠭᠡᠴᠡ ᠨᠢ ᠬᠦᠯᠦᠰᠦᠨ ᠠᠵᠢᠯᠴᠢᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ | ᠲᠣᠭᠲᠠᠵᠤ᠂ ᠦᠨᠡᠨ ᠨᠡᠷ᠎ᠡ ᠪᠠᠷ ᠲᠠᠩᠰᠠᠯᠠᠨ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠲᠠᠩᠰᠠ ᠶᠢ ᠪᠠᠶᠢᠭᠤᠯᠬᠤ | ᠬᠡᠷᠡᠭᠲᠡᠢ᠃ ᠴᠠᠯᠢᠩ ᠮᠦᠩᠬᠦᠨ ᠤ ᠲᠤᠰᠬᠠᠢ ᠬᠠᠮᠢᠶᠠᠷᠤᠭᠴᠢ ᠨᠢ ᠬᠥᠳᠡᠯᠮᠦᠷᠢ ᠶᠢᠨ ᠭᠡᠷ᠎ᠡ᠂ ᠦᠨᠡᠨ ᠨᠡᠷ᠎ᠡ ᠶᠢᠨ | ᠳᠦᠷᠢᠮ ᠢᠶᠠᠷ ᠠᠵᠢᠯ ᠳᠤ ᠭᠠᠷᠬᠤ ᠶᠢ ᠰᠢᠯᠭᠠᠭᠰᠠᠨ ᠵᠡᠷᠭᠡ ᠮᠡᠳᠡᠭᠡ ᠵᠠᠩᠭᠢ ᠶᠢ ᠦᠨᠡᠨ ᠨᠡᠷ᠎ᠡ ᠶᠢᠨ ᠳᠦᠷᠢᠮ ᠤᠨ | ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠢ ᠳᠤᠨᠢ᠂ ᠵᠦᠪ ᠣᠨᠣᠪᠴᠢᠲᠠᠶ᠂ ᠪᠦᠷᠢᠨ ᠬᠦᠢᠴᠡᠳ ᠳᠠᠮᠵᠢᠭᠤᠯᠵᠤ᠂ | ᠴᠠᠯᠢᠩ ᠮᠦᠩᠬᠦ ᠣᠯᠭᠤᠬᠤ ᠳᠤ ᠦᠨᠳᠦᠰᠦᠯᠡᠯ ᠪᠤᠯᠭᠠᠨ᠎ᠠ᠃ ᠦᠨᠡᠨ ᠨᠡᠷ᠎ᠡ ᠶᠢᠨ ᠬᠠᠮᠢᠶᠠᠷᠤᠯᠲᠠ ᠶᠢᠨ ᠲᠦᠷᠢᠮ ᠢ | ᠭᠡᠷᠡᠭᠵᠢᠬᠦᠯᠦᠭᠰᠡᠨ ᠦᠭᠡᠢ ᠪᠤᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ︵ᠵᠢᠷᠭᠤᠭ᠎ᠠ︶ ᠴᠠᠯᠢᠩ ᠤᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠲᠤᠰᠬᠠᠢ ᠳᠠᠩᠰᠠᠨ ᠡᠷᠦᠬᠡ ᠶᠢᠨ ᠳᠦᠷᠢᠮ ᠢ ᠪᠣᠳᠠᠲᠠᠢ | ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ | ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠬᠡᠴᠡ ᠨᠢ ᠪᠠᠷᠢᠯᠭ᠎ᠠ ᠶᠢᠨ ᠠᠵᠢᠯ ᠤᠨ ᠭᠡᠷ᠎ᠡ ᠲᠣᠭᠲᠠᠭᠰᠠᠨ | ᠡᠳᠦᠷ ᠠᠴᠠ ᠡᠬᠢᠯᠡᠭᠡᠳ 30 ᠡᠳᠦᠷ ᠤᠨ ᠳᠣᠲᠣᠷ᠎ᠠ ᠬᠠᠮᠢᠶ᠎ᠠ ᠪᠦᠬᠦᠢ ᠪᠠᠩᠬᠢ ᠳᠤ ᠴᠠᠯᠢᠩ ᠤᠨ ᠲᠤᠰᠬᠠᠢ ᠲᠠᠩᠰᠠᠨ | ᠡᠷᠦᠬᠡ ᠪᠠᠶᠢᠭᠤᠯᠬᠤ ᠶᠢᠨ ᠬᠠᠮᠲᠤ ᠪᠠᠷᠢᠯᠭ᠎ᠠ ᠪᠠᠷᠢᠭᠤᠯᠬᠤ ᠨᠢᠭᠡᠴᠡ᠂ ᠲᠠᠩᠰᠠ ᠪᠠᠶᠢᠭᠤᠯᠤᠭᠰᠠᠨ ᠪᠠᠩᠬᠢ ᠯᠤᠭ᠎ᠠ ᠪᠡᠯᠡ | ᠮᠥᠩᠭᠦ ᠶᠢᠨ ᠬᠠᠮᠢᠶᠠᠷᠤᠯᠲᠠ ᠶᠢᠨ ᠭᠤᠷᠪᠠᠨ ᠲᠠᠯ᠎ᠠ ᠶᠢᠨ ᠭᠡᠯᠡᠯᠴᠡᠭᠡᠷ ᠲᠣᠭᠲᠠᠵᠤ᠂ ᠪᠠᠷᠢᠯᠭ᠎ᠠ ᠪᠠᠷᠢᠭᠤᠯᠬᠤ ᠨᠢᠭᠡᠴᠡ | ᠨᠢ ᠬᠡᠯᠡᠯᠴᠡᠭᠡᠷ ᠤᠨ ᠶᠣᠰᠣᠭᠠᠷ ᠬᠥᠮᠥᠨ ᠤ ᠬᠦᠴᠦᠨ ᠤ ᠵᠠᠷᠤᠳᠠᠯ ᠢ ᠰᠠᠯᠭᠠᠨ ᠥᠭᠴᠦ᠂ ᠪᠠᠷᠢᠯᠭ᠎ᠠ ᠶᠢᠨ ᠠᠵᠢᠯ ᠢ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠢ ᠪᠠᠷᠢᠯᠭ᠎ᠠ ᠶᠢᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ | ᠬᠦᠯᠦᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠠᠯᠭᠠᠨ ᠥᠭᠬᠦ ᠬᠡᠷᠡᠭᠲᠡᠢ᠃ | ︵ᠲᠤᠯᠤᠭ᠎ᠠ︶ ᠴᠠᠯᠢᠩ ᠤᠨ ᠪᠠᠳᠤᠯᠠᠭᠠᠨ ᠤ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠪᠠᠳᠤᠯᠠᠭᠠᠨ ᠤ ᠮᠥᠩᠭᠦ ᠶᠢᠨ ᠳᠦᠷᠢᠮ ᠢ ᠰᠠᠶᠢᠳᠤᠷ | ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ ᠴᠢᠭᠯᠡᠬᠦᠯᠵᠦ᠂ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ | ᠨᠢᠭᠡᠴᠡ ᠨᠢ ᠪᠠᠷᠢᠯᠭ᠎ᠠ ᠶᠢᠨ ᠭᠡᠷ᠎ᠡ ᠲᠣᠭᠲᠠᠭᠰᠠᠨ ᠡᠳᠦᠷ ᠠᠴᠠ ᠡᠬᠢᠯᠡᠭᠡᠳ 20 ᠡᠳᠦᠷ ᠤᠨ ᠳᠣᠲᠣᠷ᠎ᠠ ᠪᠠᠷᠢᠯᠭ᠎ᠠ ᠶᠢᠨ | ᠪᠠᠶᠢᠭ᠎ᠠ ᠭᠠᠵᠠᠷ ᠲᠤ ᠪᠡᠯᠡᠨ ᠵᠣᠭᠤᠰ᠂ ᠪᠠᠩᠬᠢ ᠶᠢᠨ ᠪᠠᠳᠤᠯᠠᠭᠠᠨ ᠤ ᠵᠠᠬᠢᠳᠠᠯ᠂ ᠳᠠᠭᠠᠳᠬᠠᠯ ᠤᠨ ᠺᠣᠮᠫᠠᠨᠢ ᠶᠢᠨ | ᠪᠠᠳᠤᠯᠠᠭᠠᠨ ᠤ ᠬᠠᠭᠤᠳᠠᠰᠤ᠂ ᠪᠠᠷᠢᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠪᠠᠳᠤᠯᠠᠭᠠᠨ ᠤ ᠵᠠᠬᠢᠳᠠᠯ ᠵᠡᠷᠭᠡ | ᠬᠡᠯᠪᠡᠷᠢ ᠪᠠᠷ ᠴᠠᠯᠢᠩ ᠤᠨ ᠪᠠᠳᠤᠯᠠᠭᠠᠨ ᠤ ᠮᠥᠩᠭᠦ ᠪᠠᠨ ᠲᠤᠰᠢᠶᠠᠨ ᠬᠠᠳᠠᠭᠠᠯᠠᠭᠤᠯᠬᠤ ᠭᠡᠷᠡᠭᠳᠡᠢ᠃ | ᠭᠤᠷᠪᠠ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠡᠳᠦᠷ ᠲᠤᠳᠤᠮ ᠤᠨ ᠬᠢᠨᠠᠯᠳᠠ | ᠬᠠᠮᠢᠶᠠᠷᠤᠯᠲᠠ ᠶᠢ ᠴᠢᠩᠭᠠᠳᠬᠠᠨ᠎ᠠ᠃ | ︵ᠨᠠᠢᠮᠠ︶ ᠮᠡᠳᠡᠭᠡ ᠮᠠᠩᠬᠢᠵᠢᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡᠨᠲᠡ ᠠᠵᠢᠯ ᠡᠬᠢᠯᠡᠭᠦᠯᠬᠦ ᠶᠢ ᠬᠢᠨᠠᠨ | ᠵᠦᠪᠰᠢᠶᠡᠷᠡᠬᠦᠯᠦᠭᠰᠡᠨ ᠪᠦᠭᠡᠳ ᠠᠵᠢᠯ ᠳᠠᠭᠤᠰᠬᠠᠭᠠᠳᠤᠢ ᠲᠥᠷᠥᠯ ᠵᠦᠢᠯ ᠢ ᠬᠢᠨᠠᠨ ᠡᠵᠡᠮᠳᠡᠬᠦ ᠲᠠᠪᠴᠠᠩ ᠤᠨ | ᠬᠢᠨᠠᠯᠲᠠ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠳᠤ ᠣᠷᠣᠭᠤᠯᠤᠭᠰᠠᠨ ᠪᠠᠶᠢᠳᠠᠯ ᠢ | ᠥᠪᠡᠷᠲᠡᠭᠡᠨ ᠵᠠᠰᠠᠬᠤ ᠣᠷᠣᠨ ᠠᠴᠠ ᠡᠯ᠎ᠡ ᠬᠤᠲᠠ ᠶᠢᠨ ᠵᠢᠯ ᠤᠨ ᠠᠵᠢᠯ ᠤᠨ ᠬᠢᠨᠠᠨ ᠰᠢᠯᠭᠠᠯᠳᠠ ᠳᠤ ᠬᠤᠪᠢ | ᠣᠯᠭᠤᠬᠤ ᠦᠨᠳᠦᠰᠦᠯᠡᠯ ᠪᠣᠯᠭᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭᠠᠨ ᠤ ᠰᠠᠯᠠᠭ᠎ᠠ | ᠮᠥᠴᠢᠷ ᠪᠣᠯᠣᠨ ᠪᠠᠷᠢᠯᠭ᠎ᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠡᠬᠢᠯᠡᠬᠦ ᠵᠦᠪᠰᠢᠶᠡᠷᠡᠯ ᠤᠨ ᠭᠠᠷᠳᠠᠮ ᠢ ᠨᠢᠭᠡᠨᠲᠡ ᠭᠦᠢᠴᠡᠳᠬᠡᠭᠰᠡᠨ | ᠪᠥᠭᠡᠳ ᠠᠵᠢᠯ ᠳᠠᠭᠤᠰᠬᠠᠭᠠᠳᠤᠢ ᠲᠥᠷᠥᠯ ᠵᠦᠢᠯ ᠳᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ | ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠶᠢᠨ ᠬᠠᠮᠲᠤ᠂ ᠠᠵᠢᠯᠴᠢᠨ ᠬᠡᠷᠡᠭᠯᠡᠬᠦ | ᠲᠤᠭ᠎ᠠ ᠪᠠᠷᠢᠮᠲᠠ ᠬᠢᠭᠡᠳ ᠴᠠᠯᠢᠩ ᠣᠯᠭᠤᠬᠤ ᠮᠡᠳᠡᠭᠡ ᠵᠠᠩᠭᠢ ᠶᠢᠨ ᠬᠠᠷᠢᠴᠠᠯ ᠢᠶᠠᠷ ᠳᠠᠮᠵᠢᠨ ᠴᠠᠯᠢᠩ ᠣᠯᠭᠤᠬᠤ ᠶᠢ | ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠬᠦᠯᠦᠨ᠎ᠡ᠃ | ︵ᠶᠢᠰᠦ︶ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ᠂ | ᠪᠠᠷᠢᠯᠭ᠎ᠠ ᠶᠢᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠡᠬᠢᠯᠡᠬᠦ ᠠᠴᠠ | ᠳᠠᠭᠤᠰᠲᠠᠯ᠎ᠠ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠳᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠰᠠᠷ᠎ᠠ ᠪᠦᠷᠢ ᠪᠠᠶᠢᠴᠠᠭᠠᠯᠲᠠ ᠬᠢᠵᠦ᠂ ᠴᠠᠯᠢᠩ ᠥᠷᠢᠲᠦᠬᠦ ᠬᠡᠮ ᠰᠣᠭᠤᠭ ᠢ ᠴᠠᠭ ᠲᠤᠬᠠᠢ ᠳᠤᠨᠢ | ᠪᠠᠶᠢᠴᠠᠭᠠᠨ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠶᠢᠨ ᠬᠠᠮᠲᠤ᠂ | ᠪᠠᠶᠢᠴᠠᠭᠠᠯᠳᠠ ᠶᠢᠨ ᠡᠳᠦᠷ ᠤᠨ ᠲᠡᠮᠳᠡᠭᠯᠡᠯ ᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ | ᠲᠠᠮᠵᠢᠭᠤᠯᠬᠤ ᠬᠡᠷᠡᠭᠲᠡᠢ᠃ | ︵ᠠᠷᠪᠠ︶ ᠴᠠᠯᠢᠩ ᠮᠦᠩᠬᠦ ᠶᠢᠨ ᠲᠤᠰᠬᠠᠢ ᠬᠠᠮᠢᠶᠠᠷᠤᠭᠴᠢ ᠳᠤ ᠬᠢᠨᠠᠯᠲᠠ ᠲᠠᠯᠪᠢᠵᠤ ᠪᠠᠷᠢᠯᠭ᠎ᠠ ᠶᠢᠨ ᠭᠠᠵᠠᠷ ᠤᠨ | ᠬᠠᠮᠢᠶᠠᠷᠤᠯᠲᠠ ᠶᠢ ᠰᠠᠶᠢᠨ ᠬᠢᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ | ᠰᠠᠯᠠᠭ᠎ᠠ ᠮᠥᠴᠢᠷ᠂ ᠪᠠᠷᠢᠯᠭ᠎ᠠ ᠶᠢᠨ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠯᠢᠩ | ᠮᠦᠩᠬᠦ ᠶᠢᠨ ᠲᠤᠰᠬᠠᠢ ᠬᠠᠮᠢᠶᠠᠷᠤᠭᠴᠢ ᠶᠢ ᠱᠠᠭᠠᠷᠳᠠᠵᠤ ᠪᠠᠶᠢᠭᠠᠳ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ | ᠬᠥᠳᠡᠯᠮᠦᠷᠢ ᠬᠦᠴᠦᠨ ᠬᠡᠷᠡᠭᠯᠡᠬᠦ ᠳᠤ ᠬᠢᠨᠠᠯᠳᠠ ᠬᠠᠮᠢᠶᠠᠷᠤᠯᠳᠠ ᠬᠢᠯᠬᠡᠵᠦ᠂ ᠬᠦᠯᠦᠰᠦᠨ ᠠᠵᠢᠯᠴᠢᠨ ᠤ ᠦᠨᠡᠨ | ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠭᠡᠨ᠂ ᠪᠠᠷᠢᠯᠭ᠎ᠠ ᠶᠢᠨ | ᠭᠠᠵᠠᠷ ᠤᠨ ᠬᠦᠮᠦᠨ ᠬᠡᠷᠡᠭᠯᠡᠬᠦ᠂ ᠠᠵᠢᠯ ᠳᠤ ᠭᠠᠷᠬᠤ ᠶᠢ ᠰᠢᠯᠭᠠᠬᠤ᠂ ᠴᠠᠯᠢᠩ ᠬᠦᠯᠦᠰᠦ ᠣᠯᠭᠤᠬᠤ ᠵᠡᠷᠭᠡ | ᠪᠠᠶᠢᠳᠠᠯ ᠢ ᠡᠵᠡᠮᠰᠢᠵᠦ᠂ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠵᠤᠬᠢᠶᠠᠭᠰᠠᠨ ᠴᠠᠯᠢᠩ ᠤᠨ | ᠬᠦᠰᠦᠨᠦᠭᠲᠦ ᠶᠢ ᠬᠢᠨᠠᠨ ᠬᠠᠷᠭᠤᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠠᠩᠰᠠ ᠶᠢ | ᠪᠠᠶᠢᠭᠤᠯᠤᠨ᠂ ᠠᠵᠢᠯᠴᠢᠨ ᠬᠡᠷᠡᠭᠯᠡᠬᠦ ᠪᠠᠴᠠᠯᠢᠩ ᠣᠯᠭᠤᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ | ᠳᠤᠨᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠳᠠᠮᠵᠢᠭᠤᠯᠬᠤ ᠬᠡᠷᠡᠭᠲᠡᠢ᠃ | ︵ᠠᠷᠪᠠᠨ ᠨᠢᠭᠡ︶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠰᠠᠯᠠᠭ᠎ᠠ | ᠮᠥᠴᠢᠷ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠬᠤᠶᠠᠷ ᠢ | ᠰᠤᠭᠤᠴᠢᠨ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠬᠡᠯᠪᠡᠷᠢ ᠪᠠᠷ ᠬᠤᠨᠤᠭ ᠪᠠᠶᠢᠷᠢ᠂ | ᠬᠤᠭᠤᠯᠠ ᠤᠮᠳᠠ᠂ ᠡᠳ᠋ᠰᠢᠭᠦᠯᠦᠨ ᠦᠢᠯᠡᠳᠬᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ | ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠬᠦᠯᠦᠰᠦᠨ ᠠᠵᠢᠯᠴᠢᠨ ᠭᠡᠷᠡᠭᠯᠡᠬᠦ ᠨᠢ ᠣᠯᠠᠨ ᠠᠵᠢᠯ ᠲᠥᠷᠥᠯ ᠢ | ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠡ ᠶᠢ ᠱᠠᠭᠠᠷᠳᠠᠵᠤ ᠪᠠᠶᠢᠭᠠᠳ | ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠲᠡᠢ᠃ | ᠳᠥᠷᠪᠡ᠂ ᠬᠠᠤᠯᠢ ᠪᠤᠰᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠡᠷᠡᠭ ᠰᠢᠢᠳᠪᠦᠷᠢᠯᠡᠬᠦ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠴᠠᠯᠢᠩ ᠦᠷᠢᠳᠦᠬᠦ ᠬᠡᠷᠡᠭ ᠢ ᠬᠠᠷᠭᠤᠭᠤᠯᠤᠨ ᠰᠢᠢᠳᠪᠦᠷᠢᠯᠡᠬᠦ ᠶᠠᠰᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠯᠢᠩ ᠥᠷᠢᠲᠦᠬᠦ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠦᠷ᠎ᠡ | ᠪᠦᠲᠦᠮᠵᠢ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽1 ᠡᠳᠦᠷ ᠲᠤ ᠰᠦᠪᠡᠭᠴᠢ ᠶᠢ ᠭᠥᠯᠢᠶᠡᠨ ᠠᠪᠴᠤ᠂ | 5 ᠡᠳᠦᠷ ᠲᠤ ᠰᠢᠢᠳᠪᠦᠷᠢᠯᠡᠬᠦ ᠰᠠᠨᠠᠯ ᠭᠠᠷᠭᠠᠵᠤ᠂ 15 ᠡᠳᠦᠷ ᠲᠤ ᠰᠢᠢᠳᠪᠦᠷᠢᠯᠡᠵᠦ ᠳᠠᠭᠤᠰᠬᠠᠬᠤ︾ ᠪᠠ ︽ | ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠭᠰᠡᠨ ᠭᠡᠷᠡᠭ ᠤᠨ ᠰᠦᠪᠡᠭᠴᠢ ᠶᠢ ᠲᠤᠰᠬᠠᠬᠤ ᠲᠠᠪᠴᠠᠩ ᠳᠤ | ᠲᠤᠰᠬᠠᠭᠰᠠᠨ ᠤ ᠳᠠᠷᠠᠭ᠎ᠠ᠂ ᠭᠠᠷ ᠤᠳᠠᠰᠤᠨ ᠤ ᠴᠠᠬᠢᠮ ᠮᠡᠳᠡᠭᠡᠨ ᠤ ᠬᠡᠯᠪᠡᠷᠢ ᠪᠠᠷ ᠳᠠᠮᠵᠢᠨ᠂ ᠬᠡᠷᠡᠭ ᠢ ᠭᠥᠯᠢᠶᠡᠨ | ᠠᠪᠬᠤ᠂ ᠰᠢᠢᠳᠪᠦᠷᠢᠯᠡᠬᠦ᠂ ᠦᠷ᠎ᠡ ᠳ᠋ᠦᠩ ᠢ ᠮᠡᠳᠡᠭᠳᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠰᠢᠢᠳᠪᠦᠷᠢᠯᠡᠵᠦ ᠲᠠᠭᠤᠰᠬᠠᠭᠰᠠᠨ ᠤ ᠲᠠᠷᠠᠭ᠎ᠠ ᠬᠠᠷᠢᠭᠤ ᠰᠤᠷᠪᠤᠯᠵᠢᠯᠠᠵᠤ ᠬᠠᠨᠤᠮᠵᠢ ᠶᠢᠨ ᠪᠠᠶᠢᠳᠠᠯ ᠢ ᠠᠰᠠᠭᠤᠬᠤ | ᠬᠡᠷᠡᠭᠲᠡᠢ᠃ ᠬᠤᠳᠠᠯ ᠬᠠᠭᠤᠷᠮᠠᠭ ᠢᠶᠠᠷ ᠬᠡᠷᠡᠭ ᠢ ᠳᠠᠭᠤᠰᠬᠠᠭᠰᠠᠨ ᠵᠡᠷᠭᠡ ᠪᠠᠶᠢᠳᠠᠯ ᠤᠷᠤᠰᠢᠪᠠᠯ᠂ ᠥᠪᠡᠷᠲᠡᠭᠡᠨ | ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠢᠯᠭᠠᠨ ᠪᠠᠶᠢᠴᠠᠭᠠᠯᠳᠠ | ᠶᠢᠨ ᠬᠤᠪᠢ ᠬᠠᠰᠤᠬᠤ ᠵᠦᠢᠯ ᠳᠤ ᠣᠷᠣᠭᠤᠯᠤᠨ᠎ᠠ᠃ | ︵ᠠᠷᠪᠠᠨ ᠭᠤᠷᠪᠠ︶ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠨᠡᠶᠢᠭᠡᠮ ᠨᠡᠶᠢᠲᠡ ᠳᠤ ᠨᠡᠶᠢᠲᠡᠯᠡᠬᠦ | ᠠᠵᠢᠯ ᠢ ᠰᠠᠶᠢᠨ ᠬᠢᠨ᠎ᠡ᠃ ᠴᠠᠯᠢᠩ ᠥᠷᠢᠲᠦᠬᠦ ᠬᠠᠤᠯᠢ ᠪᠤᠰᠤ ᠦᠶᠯᠡ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ | ᠪᠠᠶᠢᠴᠠᠭᠠᠨ ᠰᠢᠢᠳᠪᠦᠷᠢᠯᠡᠬᠦ ᠡᠷᠴᠢᠮ ᠰᠤᠯᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠴᠠᠯᠢᠩ ᠥᠷᠢᠲᠦᠬᠦ ᠬᠠᠤᠯᠢ | ᠪᠤᠰᠤ ᠦᠶᠯᠡ ᠠᠵᠢᠯᠯᠠᠭ᠎ᠠ ᠶᠢ ︽ᠬᠡᠷᠡᠭ ᠪᠣᠯᠭᠠᠨ ᠳᠠᠩᠰᠠᠯᠠᠬᠤ ᠶᠣᠰᠣᠲᠠᠢ ᠪᠠᠶᠢᠪᠠᠯ ᠵᠠᠪᠠᠯ ᠬᠡᠷᠡᠭ ᠪᠣᠯᠭᠠᠨ | ᠳᠡᠩᠰᠡᠯᠡᠵᠦ︾᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠲᠤᠷᠭᠤᠭᠤᠯᠢ ᠦᠭᠬᠦᠨ᠎ᠡ᠃ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠨᠦᠬᠦᠴᠡᠯ ᠪᠠᠶᠢᠳᠠᠯ ᠳᠤ ᠨᠡᠶᠢᠴᠡᠭᠰᠡᠳ ᠢ ︽ᠵᠠᠯᠬᠠᠭᠠᠨ ᠴᠡᠭᠡᠷᠯᠡᠭᠦᠯᠬᠦ | ᠢᠲᠡᠭᠡᠯ ᠠᠯᠳᠠᠭᠰᠠᠳ ᠤᠨ ᠨᠡᠷᠡᠰ︾ ᠲᠤ ᠤᠷᠤᠭᠤᠯᠤᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠤ | ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ ᠵᠠᠯᠬᠠᠭᠠᠨ ᠴᠡᠭᠡᠷᠯᠡᠭᠦᠯᠬᠦ ᠢᠲᠡᠭᠡᠯ | ᠠᠯᠳᠠᠭᠰᠠᠳ ᠤᠨ ᠨᠡᠷᠡᠰ︾ ᠲᠤ ᠤᠷᠤᠭᠰᠠᠨ ᠠᠵᠤ ᠠᠬᠤᠶᠢᠯᠠᠯ ᠳᠤ ᠵᠠᠯᠬᠠᠭᠠᠨ ᠴᠡᠭᠡᠷᠯᠡᠭᠦᠯᠬᠦ ᠠᠷᠭ᠎ᠠ ᠲᠦᠷᠢᠮ ᠢ | ᠭᠡᠷᠡᠭᠵᠢᠬᠦᠯᠦᠨ᠎ᠡ᠂ ᠡᠬᠦᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ | ᠲᠠᠭᠠᠭᠠᠴᠢᠯᠠᠯ ᠳᠤ ᠣᠷᠣᠯᠴᠠᠬᠤ ᠬᠢᠷᠢ ᠬᠡᠮ ᠢ ᠬᠦᠴᠦᠨ ᠦᠭᠡᠢ ᠪᠣᠯᠭᠠᠬᠤ᠂ ᠲᠦᠷᠦᠯ ᠵᠦᠢᠯ ᠤᠨ ᠵᠥᠪᠰᠢᠶᠡᠷᠡᠯ ᠢ | ᠬᠢᠵᠠᠭᠠᠷᠯᠠᠬᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠵᠢ᠊ ᠲᠦᠷᠦᠯ ᠵᠦᠢᠯ ᠤᠨ ᠡᠷᠡᠮᠡᠯᠵᠡᠯ ᠢ ᠬᠢᠵᠠᠭᠠᠷᠯᠠᠬᠤ | ᠵᠡᠷᠭᠡ ᠪᠠᠭᠲᠠᠨ᠎ᠠ᠃ 1 ᠵᠢᠯ ᠤᠨ ᠳᠣᠲᠣᠷ᠎ᠠ 3 ᠤᠳᠠᠭ᠎ᠠ ᠠᠴᠠ ᠳᠡᠭᠡᠭᠰᠢ ᠪᠤᠶᠤ 3 ᠵᠢᠯ ᠳᠠᠷᠠᠭᠠᠯᠠᠨ ᠬᠦᠯᠦᠰᠦᠨ | ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ | ᠣᠷᠣᠭᠤᠯᠬᠤ ᠵᠦᠪᠰᠢᠶᠡᠷᠡᠯ ᠵᠡᠷᠭᠡ ᠲᠠᠯ᠎ᠠ ᠪᠠᠷ ᠬᠢᠵᠠᠭᠠᠷᠯᠠᠬᠤ ᠶᠢᠨ ᠬᠠᠮᠲᠤ᠂ ᠬᠠᠮᠢᠶ᠎ᠠ ᠪᠦᠬᠦᠢ ᠲᠦᠷᠢᠮ ᠲᠣᠭᠲᠠᠭᠠᠯ | ᠶᠣᠰᠣᠭᠠᠷ᠂ ᠬᠠᠤᠯᠢ ᠪᠤᠰᠤ ᠦᠶᠯᠡ ᠠᠵᠢᠯᠯᠠᠭ᠎ᠠ ᠶᠢ ᠨᠢ ᠤᠯᠠᠷᠢᠯ ᠪᠦᠷᠢ ᠨᠡᠶᠢᠭᠡᠮ ᠨᠡᠶᠢᠲᠡ ᠳᠤ ᠨᠡᠶᠢᠳᠡᠯᠡᠨ | ᠮᠡᠳᠡᠭᠳᠡᠨ᠎ᠡ᠃ | ︵ᠠᠷᠪᠠᠨ ᠳᠥᠷᠪᠡ︶ ᠬᠠᠤᠯᠢ ᠪᠤᠰᠤ ᠪᠠᠷ ᠴᠠᠯᠢᠩ ᠨᠡᠬᠡᠬᠦ ᠦᠶᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠎ᠡ᠃ | ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠢᠶᠠᠷ ᠰᠢᠯᠲᠠᠭ ᠪᠣᠯᠭᠠᠵᠤ ᠬᠠᠤᠯᠢ ᠪᠤᠰᠤ ᠪᠠᠷ ᠴᠠᠯᠢᠩ ᠨᠡᠬᠡᠵᠦ ᠵᠠᠬ᠎ᠠ | ᠳᠡᠯᠭᠡᠭᠦᠷ ᠤᠨ ᠠᠮᠤᠷ ᠲᠦᠪᠰᠢᠨ ᠢ ᠰᠠᠮᠠᠭᠤᠷᠠᠭᠤᠯᠤᠭᠰᠠᠨ ᠠᠰᠠᠭᠤᠳᠠᠯ ᠳᠤ ᠴᠢᠭᠯᠡᠬᠦᠯᠵᠦ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠴᠠᠯᠢᠩ ᠨᠡᠬᠡᠬᠦ ᠶᠠᠪᠤᠴᠠ ᠳᠠᠬᠢ ᠠᠯᠪᠠᠨ ᠠᠵᠢᠯ ᠤᠨ ᠡᠮᠬᠢ ᠵᠢᠷᠤᠮ ᠢ ᠬᠠᠷᠰᠢᠯᠠᠬᠤ | ᠪᠤᠶᠤ ᠰᠠᠮᠠᠭᠤᠷᠠᠭᠤᠯᠬᠤ᠂ ᠤᠯᠠᠨ ᠢ ᠴᠤᠭᠯᠠᠭᠤᠯᠤᠨ ᠬᠡᠷᠡᠭ ᠥᠳᠥᠭᠡᠵᠦ ᠤᠯᠠᠨ ᠨᠡᠶᠢᠲᠡ ᠶᠢᠨ ᠡᠮᠬᠢ ᠵᠢᠷᠤᠮ ᠢ | ᠰᠠᠮᠠᠭᠤᠷᠠᠭᠤᠯᠬᠤ᠂ ᠦᠨᠡᠨ ᠪᠣᠳᠠᠲᠠᠢ ᠪᠤᠰᠤ ᠦᠭᠡ ᠶᠠᠷᠢᠶ᠎ᠠ ᠲᠠᠷᠬᠠᠭᠠᠬᠤ ᠵᠡᠷᠭᠡ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ | ︵ᠠᠷᠪᠠᠨ ᠲᠠᠪᠤ︶ ᠴᠠᠯᠢᠩ ᠥᠷᠢᠲᠦᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠢ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠨᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠢ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠴᠠᠯᠢᠩ ᠥᠷᠢᠲᠦᠬᠦ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ | ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠴᠠᠯᠢᠩ ᠥᠷᠢᠲᠦᠬᠦ | ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠠᠤᠯᠢ ᠬᠡᠷᠡᠭᠵᠢᠭᠦᠯᠬᠦ ᠠᠵᠢᠯ ᠢ ᠦᠷᠨᠢᠬᠦᠯᠦᠨ᠎ᠡ᠃ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠳ᠋ | ᠬᠥᠷᠥᠩᠭᠡ ᠶᠢ ᠰᠢᠯᠵᠢᠭᠦᠯᠬᠦ᠂ ᠣᠷᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢᠴᠢᠨ ᠤ | ᠬᠥᠳᠡᠯᠮᠦᠷᠢ ᠶᠢᠨ ᠬᠥᠯᠥᠰᠦ ᠣᠯᠭᠤᠮᠵᠢ ᠶᠢ ᠥᠭᠬᠦ ᠠᠴᠠ ᠵᠠᠶᠢᠯᠠᠭᠰᠠᠨ ᠪᠤᠶᠤ ᠥᠭᠬᠦ ᠴᠢᠳᠠᠪᠤᠷᠢ ᠲᠠᠢ ᠪᠠᠶᠢᠭᠠᠳ | ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠥᠭᠬᠦ ᠦᠭᠡᠢ ᠪᠠᠶᠢᠵᠤ᠂ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠥᠭᠭᠦᠭᠦᠯᠬᠦ ᠪᠠᠷ ᠱᠠᠭᠠᠷᠳᠠᠭᠰᠠᠨ ᠪᠣᠯᠪᠠᠴᠤ ᠮᠥᠨ ᠬᠦ᠋ ᠥᠭᠬᠦ | ᠦᠭᠡᠢ ᠪᠠᠶᠢᠭ᠎ᠠ ᠰᠡᠵᠢᠭᠯᠡᠯᠲᠡᠢ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠥᠳᠡᠯᠮᠦᠷᠢ ᠶᠢᠨ | ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠢ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠵᠤ᠂ | ᠲᠦᠷᠭᠡᠨ ᠰᠢᠢᠳᠪᠦᠷᠢᠯᠡᠬᠦ ᠬᠡᠷᠡᠭᠲᠡᠢ᠃ | ︵ᠠᠷᠪᠠᠨ ᠵᠢᠷᠭᠤᠭ᠎ᠠ︶ ᠬᠠᠭᠤᠴᠢᠨ ᠥᠷᠢ ᠰᠢᠷᠢ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ | ᠬᠦᠴᠦᠨ ᠢᠶᠠᠷ ᠠᠬᠢᠭᠤᠯᠤᠨ᠎ᠠ᠃ ᠵᠠᠷᠢᠮ ᠬᠠᠭᠤᠴᠢᠨ ᠥᠷᠢ ᠰᠢᠷᠢ ᠶᠢᠨ ᠲᠠᠷᠤᠭᠳᠠᠮᠠᠯ ᠬᠡᠷᠡᠭ ᠢ ᠰᠢᠢᠳᠪᠦᠷᠢᠯᠡᠬᠦ | ᠦᠭᠡᠢ ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠵᠦ ᠪᠠᠶᠢᠭᠠᠳ ᠬᠠᠭᠤᠴᠢᠨ ᠥᠷᠢ ᠰᠢᠷᠢ ᠶᠢᠨ | ᠬᠡᠷᠡᠭ ᠢ ᠵᠣᠬᠢᠴᠠᠭᠤᠯᠤᠨ ᠰᠢᠢᠳᠪᠦᠷᠢᠯᠡᠵᠦ᠂ ᠪᠡᠯᠡ ᠮᠥᠩᠭᠦ ᠶᠢᠨ ᠬᠡᠯᠬᠢᠶ᠎ᠡ ᠲᠠᠰᠤᠷᠠᠭᠰᠠᠨ᠂ ᠬᠠᠭᠠᠰ ᠬᠠᠶᠠᠭᠳᠠᠭᠰᠠᠨ | ᠪᠠᠷᠢᠯᠭ᠎ᠠ᠂ ᠮᠦᠩᠬᠦ ᠵᠣᠭᠤᠰ ᠤᠨ ᠬᠠᠮᠢᠶᠠᠳᠠᠢ ᠵᠠᠭᠠᠯᠳᠤᠯᠭ᠎ᠠ ᠰᠤᠷᠪᠤᠯᠵᠢᠯᠠᠭ᠎ᠠ ᠲᠤᠰᠬᠠᠭᠰᠠᠨ ᠵᠡᠷᠭᠡ ᠠᠰᠠᠭᠤᠳᠠᠯ | ᠪᠤᠶᠤ ᠪᠠᠷᠢᠯᠭ᠎ᠠ ᠶᠢᠨ ᠶᠠᠰᠤ ᠴᠢᠨᠠᠷ᠂ ᠬᠥᠳᠡᠯᠮᠦᠷᠢ ᠦᠢᠯᠡᠴᠢᠯᠡᠭᠡ ᠶᠢᠨ ᠵᠢᠭᠤᠷᠠᠯᠳᠤᠭᠠᠨ ᠵᠡᠷᠭᠡ ᠪᠠᠶᠢᠳᠠᠯ ᠣᠷᠣᠰᠢᠵᠤ | ᠪᠠᠶᠢᠪᠠᠯ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠪᠠᠷ ᠳᠠᠮᠵᠢᠭᠤᠯᠤᠨ | ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ | ᠵᠣᠬᠢᠴᠠᠭᠤᠯᠬᠤ ᠪᠠᠶᠢᠭᠤᠯᠤᠮᠵᠢ ᠶᠢᠨ ᠭᠡᠰᠢᠬᠦᠨ ᠨᠢᠭᠡᠴᠡ ᠨᠦᠭᠦᠳ ᠨᠢ ᠨᠢᠭᠲᠠ ᠬᠠᠮᠵᠢᠯᠴᠠᠵᠤ᠂ ᠡᠶᠡᠳᠡᠬᠦᠯᠬᠡ ᠶᠢᠨ | ᠡᠷᠴᠢᠮ ᠢ ᠴᠢᠩᠭᠠᠷᠠᠭᠤᠯᠬᠤ᠂ ᠬᠠᠤᠯᠢ ᠶᠢᠨ ᠨᠤᠲᠠᠯᠠᠯᠲᠠ ᠶᠢ ᠴᠠᠭ ᠲᠤᠬᠠᠢ ᠳᠤᠨᠢ ᠬᠢᠬᠦ᠂ ᠬᠥᠳᠡᠯᠮᠦᠷᠢ ᠶᠢᠨ | ᠵᠢᠭᠤᠷᠠᠭᠠᠨ ᠢ ᠬᠥᠨᠳᠡᠯᠡᠨ ᠠᠴᠠ ᠲᠠᠰᠤᠯᠬᠤ ᠂ ᠵᠠᠷᠭᠤ ᠶᠢᠨ ᠦᠢᠯᠡᠴᠢᠯᠡᠭᠡᠨ ᠤ ᠬᠠᠷᠰᠢ ᠰᠠᠭᠠᠳ ᠦᠬᠡᠢ ᠠᠷᠭ᠎ᠠ | ᠵᠠᠮ ᠢ ᠨᠡᠪᠳᠡᠷᠡᠬᠦᠯᠬᠦ᠂ ᠵᠠᠷᠭᠤ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠷᠭ᠎ᠠ ᠬᠡᠮᠵᠢᠶ᠎ᠡ ᠠᠪᠴᠤ | ᠪᠠᠶᠢᠭᠠᠳ᠂ ᠲᠠᠷᠤᠭᠳᠠᠮᠠᠯ ᠬᠠᠭᠤᠴᠢᠨ ᠬᠡᠷᠡᠭ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ᠲᠠᠪᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠪᠠᠳᠤᠯᠠᠭᠠᠨ ᠤ ᠰᠢᠰᠲ᠋ᠧᠮᠵᠢ ᠶᠢ | ᠲᠡᠬᠦᠯᠳᠡᠷᠵᠢᠬᠦᠯᠦᠨ᠎ᠡ᠃ | ︵ᠠᠷᠪᠠᠨ ᠳᠣᠯᠤᠭ᠎ᠠ︶ ᠰᠢᠯᠭᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠨ ᠰᠢᠯᠭᠠᠬᠤ | ︽ᠳᠣᠬᠢᠭᠤᠷ︾ ᠤᠨ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠦᠭᠡᠢ᠂ ᠡᠳᠦᠷ ᠲᠤᠲᠤᠮ ᠤᠨ ᠬᠢᠨᠠᠯᠲᠠ | ᠲᠠᠯᠪᠢᠬᠤ ᠡᠷᠴᠢᠮ ᠢᠶᠠᠷ ᠬᠦᠷᠦᠯᠴᠡᠬᠦ ᠦᠭᠡᠢ ᠪᠠᠶᠢᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠠᠶᠢᠮᠠᠭ | ᠬᠤᠲᠠ ᠶᠢᠨ ᠵᠠᠰᠠᠭ ᠤᠨ ᠣᠷᠳᠣᠨ ᠨᠢ ᠲᠣᠰ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠰᠢᠭᠤ | ᠰᠢᠶᠠᠨ ᠤ ᠵᠠᠰᠠᠭ ᠤᠨ ᠣᠷᠳᠣᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠬᠢᠨᠠᠨ | ᠰᠢᠯᠭᠠᠵᠤ᠂ ᠰᠢᠯᠢᠳᠡᠭ ᠢ ᠨᠢ ᠰᠠᠶᠢᠰᠢᠶᠠᠨ ᠬᠦᠬᠢᠬᠦᠯᠵᠦ ᠂ ᠠᠵᠢᠯ ᠳᠠᠭᠠᠨ ᠬᠢᠷᠢ ᠲᠡᠩᠴᠡᠭᠰᠡᠨ ᠦᠭᠡᠢ᠂ ᠴᠠᠯᠢᠩ | ᠥᠷᠢᠲᠦᠬᠦ ᠠᠰᠠᠭᠤᠳᠠᠯ ᠣᠯᠠᠨ ᠭᠠᠷᠤᠭᠰᠠᠨ ᠭᠠᠵᠠᠷ ᠣᠷᠣᠨ᠂ ᠡᠰᠡᠬᠦᠯ᠎ᠡ ᠡᠭᠦᠷᠭᠡ ᠬᠠᠷᠢᠭᠤᠴᠠᠯᠭ᠎ᠠ ᠪᠠᠨ ᠰᠠᠶᠢᠨ | ᠭᠦᠢᠴᠡᠳᠬᠡᠭᠰᠡᠨ ᠦᠭᠡᠢ ᠰᠠᠯᠠᠭ᠎ᠠ ᠮᠥᠴᠢᠷ ᠲᠤ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠲᠠᠯᠪᠢᠨ᠎ᠠ᠃ | ︵ᠠᠷᠪᠠᠨ ᠨᠠᠢᠮᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠳᠤ ᠴᠢᠭᠯᠡᠭᠦᠯᠦᠨ᠂ ᠡᠯ᠎ᠡ | ᠱᠠᠲᠤᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠨᠢ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠯᠦᠭᠡ ᠬᠠᠮᠲᠤᠷᠠᠨ ᠠᠵᠢᠯᠯᠠᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢ ᠲᠤᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠠᠷ᠎ᠠ ᠪᠦᠷᠢ ᠮᠡᠳᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠭᠰᠡᠨ ᠦᠭᠡᠢ ᠵᠡᠷᠭᠡ ᠪᠠᠶᠢᠳᠠᠯ ᠢ ᠴᠠᠭ ᠲᠤᠬᠠᠢ ᠳᠤᠨᠢ ᠱᠠᠭᠠᠷᠳᠠᠵᠤ ᠰᠠᠨᠠᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠵᠣᠬᠢᠴᠠᠭᠤᠯᠬᠤ | ᠪᠠᠶᠢᠭᠤᠯᠤᠮᠵᠢ ᠶᠢᠨ ᠠᠯᠪᠠᠨ ᠭᠡᠷ ᠠᠴᠠ ᠵᠣᠬᠢᠴᠠᠭᠤᠯᠬᠤ ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭ ᠶᠠᠪᠤᠳᠠᠯ ᠳᠤ ᠬᠤᠯᠪᠣᠭᠳᠠᠭᠰᠠᠨ ᠠᠶᠢᠮᠠᠭ ᠬᠤᠲᠠ ᠶᠢᠨ | ᠵᠠᠰᠠᠭ ᠤᠨ ᠣᠷᠳᠣᠨ ᠪᠠ ᠬᠤᠰᠢᠭᠤ ᠰᠢᠶᠠᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠥᠰ ᠲᠠᠢ ᠪᠣᠯᠵᠣᠨ ᠶᠠᠷᠢᠯᠴᠠᠵᠤ᠂ ᠬᠠᠷᠢᠯᠴᠠᠨ | ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠤᠭᠰᠠᠨ ᠨᠢ ᠡᠷᠴᠢᠮ ᠦᠭᠡᠢ ᠠᠴᠠ | ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ᠃ | ︵ᠠᠷᠪᠠ ᠶᠢᠰᠦ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ | ᠬᠦᠴᠦᠨ ᠪᠠᠭᠤᠷᠠᠢ᠂ ᠵᠠᠷᠤᠳᠠᠯ ᠤᠨ ᠪᠠᠲᠤᠯᠠᠭ᠎ᠠ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠣᠷᠣᠨ ᠳᠣᠲᠣᠷᠠᠬᠢ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠬᠤ ᠭᠤᠣᠯ ᠴᠣᠭᠴᠠ ᠪᠠ ᠲᠠᠰ | ᠳᠠᠪᠬᠤᠷᠭ᠎ᠠ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠦᠨ᠂ ᠠᠵᠢᠯᠲᠠᠨ ᠤ | ᠲᠣᠬᠢᠷᠠᠭᠤᠯᠤᠯᠲᠠ ᠶᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠳᠤ ᠤᠯᠠᠮ ᠢᠯᠡᠭᠦᠦ ᠨᠡᠶᠢᠴᠡᠭᠦᠯᠬᠦ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠥᠳᠡᠯᠮᠦᠷᠢ ᠶᠢᠨ ᠪᠠᠳᠤᠯᠠᠭᠠᠨ ᠤ ᠬᠢᠨᠠᠨ ᠪᠠᠶᠢᠴᠠᠭᠠᠯᠲᠠ ᠳᠤ ᠬᠡᠷᠡᠭᠰᠡᠬᠦ | ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠭᠡᠷᠡᠭᠳᠡᠢ᠃ | ︵ᠬᠤᠷᠢ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠬᠢᠷᠢ | ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ | ᠴᠢᠩᠭ᠎ᠠ᠂ ᠲᠦᠷᠢᠮᠵᠢᠬᠦᠨ᠂ ᠭᠤᠥᠯᠴᠢ᠂ ᠪᠣᠯᠪᠠᠰᠤᠨ ︾ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ | ᠬᠠᠮᠢᠶ᠎ᠠ ᠪᠦᠬᠦᠢ ᠠᠵᠢᠯᠲᠠᠨ ᠤ ᠲᠤᠬᠠᠶᠢᠯᠠᠭᠰᠠᠨ ᠠᠵᠢᠯ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠣᠯᠪᠠᠰᠤᠷᠠᠯ ᠤᠨ | ᠡᠷᠴᠢᠮ ᠢ ᠴᠢᠩᠭᠠᠷᠠᠭᠤᠯᠤᠨ᠂ ᠬᠦᠯᠦᠰᠦᠨ ᠠᠵᠢᠯᠴᠢᠨ ᠤ ᠴᠠᠯᠢᠩ ᠤᠯᠭᠤᠮᠵᠢ ᠶᠢ ᠪᠠᠳᠤᠯᠠᠬᠤ ᠵᠡᠷᠭᠡ | ᠬᠥᠳᠡᠯᠮᠦᠷᠢ ᠶᠢᠨ ᠪᠠᠳᠤᠯᠠᠭᠠᠨ ᠤ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ | ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠳᠠᠭᠠᠭᠠᠮᠠᠯ᠂ ᠴᠠᠯᠢᠩ ᠤᠨ | ᠲᠤᠰᠬᠠᠢ ᠬᠠᠮᠢᠶᠠᠷᠤᠭᠴᠢ ᠵᠡᠷᠭᠡ ᠬᠠᠮᠢᠶ᠎ᠠ ᠪᠦᠬᠦᠢ ᠠᠵᠢᠯᠲᠠᠨ ᠤ ᠪᠣᠯᠪᠠᠰᠤᠷᠠᠯ ᠢ ᠰᠠᠶᠢᠨ ᠬᠢᠵᠦ᠂ ᠡᠯ᠎ᠡ ᠲᠥᠷᠥᠯ ᠤᠨ | ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ |