1 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠤᠷᠤᠯᠴᠠᠭᠰᠠᠨ ᠴᠢᠶᠠᠨ ᠶᠢᠨ ᠭᠧᠦ | ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ 30 ᠲᠥᠯᠥᠭᠡᠯᠡᠭᠴᠢ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶᠠᠨ ᠳᠤ ᠬᠦᠷᠴᠦ ᠂ ︽12309︾ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠲᠢᠩᠬᠢᠮ᠂ ᠢᠯᠡ ᠪᠠᠷ | ᠭᠡᠷᠡᠴᠢᠯᠡᠭᠡ ᠰᠣᠨᠣᠰᠬᠤ ᠲᠠᠰᠤᠭ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠲᠠᠰᠤᠭ᠂ | ᠪᠠᠭᠤᠷᠠᠶᠢᠴᠤᠤᠯ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠲᠠᠰᠤᠭ᠂ ᠠᠯᠤᠰ ᠡᠵᠡᠮᠰᠢᠯᠳᠦ ᠵᠢᠯᠤᠭᠤᠳᠬᠤ ᠲᠥᠪ | ᠂ ᠨᠠᠮ ᠤᠨ ᠭᠡᠰᠢᠭᠦᠨ ᠤ ᠬᠦᠳᠡᠯᠪᠦᠷᠢ ᠠᠵᠢᠯᠯᠠᠭᠠᠨ ᠤ ᠲᠥᠪ ᠵᠡᠷᠭᠡ ᠶᠢ ᠲᠣᠭᠤᠷᠢᠨ ᠦᠵᠡᠵᠦ᠂ ᠲᠠᠶᠢᠯᠪᠤᠷᠢ | ᠲᠠᠨᠢᠯᠴᠠᠭᠤᠯᠭ᠎ᠠ ᠶᠢ ᠰᠤᠨᠤᠰᠤᠭᠰᠠᠨ ᠪᠠᠶᠢᠨ᠎ᠠ᠃ ᠡᠶᠢᠨ ᠬᠦ᠋ ᠨᠢᠳᠦ ᠪᠠᠷ ᠢᠶᠠᠨ ᠦᠵᠡᠵᠦ ᠴᠢᠬᠢ ᠪᠠᠷ ᠢᠶᠠᠨ ᠰᠤᠨᠤᠰᠬᠤ | ᠪᠠᠷ ᠲᠠᠮᠵᠢᠭᠠᠳ ᠠᠷᠠᠳ ᠤᠨ ᠲᠦᠯᠦᠭᠡᠯᠡᠭᠴᠢᠳ ᠪᠠᠶᠢᠴᠠᠭᠠᠬᠤ ᠠᠵᠢᠯ ᠢ ᠬᠠᠮᠤᠭ ᠤᠨ ᠤᠶᠢᠷ᠎ᠠ ᠵᠠᠢ ᠠᠴᠠ | ᠣᠶᠢᠯᠠᠭᠠᠵᠤ᠂ ᠪᠠᠶᠢᠴᠠᠭᠠᠬᠤ ᠪᠠᠶᠢᠭᠤᠯᠭ᠎ᠠ ᠶᠢᠨ ᠠᠮᠤᠷ ᠲᠦᠪᠰᠢᠨ ᠤ ᠪᠠᠶᠢᠭᠤᠯᠤᠯᠲᠠ᠂ ᠨᠡᠶᠢᠭᠡᠮ ᠤᠨ | ᠶᠡᠷᠦᠩᠬᠡᠶᠢᠯᠡᠭᠰᠡᠨ ᠵᠠᠰᠠᠯᠲᠠ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠣᠯᠣᠭᠰᠠᠨ | ᠠᠮᠵᠢᠯᠳᠠ ᠪᠦᠳᠦᠮᠵᠢ ᠶᠢ ᠭᠦᠨᠵᠡᠭᠡᠢ ᠤᠶᠢᠯᠠᠭᠠᠵᠠᠢ᠃ | ᠠᠷᠠᠳ ᠤᠨ ᠲᠥᠯᠥᠭᠡᠯᠡᠭᠴᠢ ᠵᠠᠩ ᠰᠢᠩ ᠵᠥᠩ ᠢᠯᠡᠷᠭᠡᠶᠢᠯᠡᠬᠦ ᠳᠡᠭᠡᠨ᠂ ᠬᠤᠰᠢᠭᠤᠨ ᠤ ᠪᠠᠶᠢᠴᠠᠭᠠᠬᠤ ᠬᠤᠷᠢᠶ᠎ᠠ | ᠨᠢ ᠬᠢᠨᠠᠯᠲᠠ ᠲᠠᠯᠪᠢᠬᠤ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠪᠠᠭᠤᠷᠠᠶᠢᠴᠤᠳ ᠤᠨ ᠡᠷᠬᠡ | ᠠᠰᠢᠭ ᠢ ᠬᠠᠮᠠᠭᠠᠯᠠᠬᠤ ᠠᠵᠢᠯ ᠤᠨ ᠳᠤᠮᠳᠠ ᠠᠷᠠᠳ ᠣᠯᠠᠨ ᠳᠤ ᠮᠠᠰᠢ ᠣᠯᠠᠨ ᠪᠣᠳᠠᠲᠠᠢ ᠠᠵᠢᠯ ᠬᠢᠵᠦ ᠥᠭᠴᠡᠢ᠂ | ᠪᠠᠶᠢᠴᠠᠭᠠᠬᠤ ᠬᠤᠷᠢᠶ᠎ᠠ ᠨᠢ ᠡᠨᠡ ᠬᠦ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ︽ᠠᠷᠠᠳ ᠲᠦᠮᠡᠨ ᠳᠤ | ᠦᠢᠯᠡᠴᠢᠯᠡᠬᠦ ᠣᠶᠢᠯᠠᠭᠠᠭᠳᠠᠬᠤᠨ︾ ᠢ ᠰᠠᠶᠢᠲᠤᠷ ᠨᠠᠶᠢᠳᠠᠪᠤᠷᠢᠵᠢᠭᠤᠯᠤᠨ ᠠᠷᠠᠳ ᠲᠦᠮᠡᠨ ᠳᠤ ᠨᠠᠩ ᠰᠠᠶᠢᠨ | ᠦᠢᠯᠡᠴᠢᠯᠡᠬᠦ ᠶᠢ ᠬᠦᠰᠡᠵᠦ ᠪᠠᠶᠢᠨ᠎ᠠ ᠬᠡᠵᠡᠢ᠃ | ᠴᠢᠶᠠᠨ ᠶᠢᠨ ᠭᠧᠦ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠨᠢ᠂ ᠬᠠᠤᠯᠢ ᠪᠠᠷ ᠵᠠᠰᠠᠬᠤ ᠦᠵᠡᠯ ᠰᠠᠨᠠᠭ᠎ᠠ | ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠠᠶᠢᠭᠤᠯᠬᠤ ᠶᠢᠨ ᠴᠢᠬᠤᠯᠠ ᠪᠠᠲᠤᠯᠠᠭ᠎ᠠ ᠮᠥᠨ᠂ | ᠪᠠᠶᠢᠴᠠᠭᠠᠬᠤ ᠪᠠᠶᠢᠭᠤᠯᠭ᠎ᠠ ᠨᠢ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠰᠣᠯᠢᠯᠴᠠᠭ᠎ᠠ ᠪᠠᠨ ᠨᠡᠮᠡᠭᠳᠡᠭᠦᠯᠵᠦ᠂ ᠬᠠᠤᠯᠢ | ᠶᠢᠨ ᠬᠢᠨᠠᠯᠲᠠ᠂ ᠬᠠᠤᠯᠢ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠬᠦ ᠬᠡᠷᠡᠭᠲᠡᠢ᠃ | ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ | ᠡᠯ᠎ᠡ ᠲᠠᠯ᠎ᠠ ᠶᠢᠨ ᠬᠢᠨ ᠬᠠᠮᠲᠤᠪᠠᠷ ᠬᠦᠴᠦᠯᠡᠵᠦ ᠪᠠᠶᠢᠭᠠᠳ ᠤᠯᠠᠨ ᠲᠦᠮᠡᠨ ᠤ ᠬᠦᠴᠢᠷ ᠵᠣᠪᠠᠭᠤᠷᠢ ᠶᠢ | ᠰᠢᠢᠳᠪᠦᠷᠢᠯᠡᠵᠦ ᠥᠭᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠲᠠᠢ ᠢᠯᠡᠭᠦᠬᠡᠨ ᠶᠠᠷᠢᠯᠴᠠᠵᠤ ᠰᠤᠯᠢᠯᠴᠠᠨ᠂ | ᠲᠥᠯᠥᠭᠡᠯᠡᠭᠴᠢᠳ ᠢᠶᠠᠷ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠲᠤᠰᠬᠠᠭᠤᠯᠵᠤ᠂ ᠬᠠᠤᠯᠢ ᠴᠠᠭᠠᠵᠠ ᠶᠢᠨ | ᠦᠢᠯᠡᠴᠢᠯᠡᠭᠡ ᠶᠢ ᠰᠠᠶᠢᠵᠢᠷᠠᠭᠤᠯᠬᠤ ᠭᠡᠷᠡᠭᠳᠡᠢ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠪᠠᠶᠢᠴᠠᠭᠠᠬᠤ | ᠠᠵᠢᠯ ᠤᠨ ᠬᠢᠨᠠᠯᠲᠠ ᠲᠠᠯᠪᠢᠬᠤ ᠦᠢᠯᠡᠳᠦᠯᠭᠡ ᠲᠠᠢ ᠪᠠᠨ ᠤᠶᠠᠯᠳᠤᠭᠤᠯᠵᠤ᠂ ᠪᠦᠬᠦ ᠠᠷᠠᠳ ᠢᠶᠠᠷ ᠢᠶᠠᠨ ᠬᠠᠤᠯᠢ ᠪᠠᠷ | ᠵᠠᠰᠠᠬᠤ ᠦᠵᠡᠯᠲᠡ ᠲᠠᠢ ᠪᠤᠯᠬᠤ ᠶᠢ ᠠᠬᠢᠭᠤᠯᠬᠤ ᠭᠡᠷᠡᠭᠳᠡᠢ ᠬᠡᠵᠦ ᠳᠤᠷᠠᠳᠤᠨ ᠭᠠᠷᠭᠠᠭᠰᠠᠨ ᠪᠠᠶᠢᠨ᠎ᠠ᠃ |