ᠠᠳᠤᠭᠤ ᠮᠠᠯᠵᠢᠵᠤ ᠪᠠᠶᠢᠭ᠎ᠠ ᠲᠠᠷᠢᠶᠠᠴᠢᠨ ᠡᠷᠦᠬᠡ ᠶᠢᠨ ᠬᠠᠤᠯᠢ ᠲᠦᠷᠢᠮ ᠤᠨ ᠦᠵᠡᠯ ᠤᠬᠠᠮᠰᠠᠷ ᠪᠠ ᠠᠮᠤᠷ | ᠲᠦᠪᠰᠢᠨ ᠤ ᠦᠵᠡᠯ ᠤᠬᠠᠮᠰᠠᠷ ᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠪᠤᠤᠴᠠᠩ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠪᠠᠯᠭᠠᠰᠤᠨ ᠤ ᠠᠳᠤᠭᠤ ᠲᠠᠢ ᠡᠷᠦᠬᠡ ᠳᠤ | ᠬᠦᠨᠵᠡᠬᠡᠶᠢᠷᠡᠨ ︽ᠬᠠᠤᠯᠢ ᠲᠦᠷᠢᠮ ᠤᠨ ᠲᠠᠭᠠᠤ ᠠᠳᠤᠭᠤ ᠮᠠᠯᠵᠢᠬᠤ ᠰᠠᠨᠠᠭᠠᠴᠢᠯᠠᠭ᠎ᠠ ᠶᠢᠨ ᠪᠢᠴᠢᠭ︾ ᠪᠣᠯᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠳᠦᠷᠢᠮ︾ ᠢ ᠲᠠᠷᠬᠠᠭᠠᠵᠤ᠂ ᠲᠠᠷᠢᠶᠠᠴᠢᠳ ᠢ | ᠬᠠᠪᠰᠤᠷᠤᠨ ᠬᠠᠤᠯᠢ ᠲᠦᠷᠢᠮ ᠢ ᠤᠶᠢᠯᠠᠭᠠᠭᠤᠯᠵᠤ᠂ ᠬᠠᠤᠯᠢ ᠰᠠᠬᠢᠬᠤ ᠤᠬᠠᠮᠰᠠᠷ ᠢ ᠨᠢ ᠨᠡᠮᠡᠭᠳᠡᠭᠦᠯᠦᠨ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ︽ᠡᠴᠦᠰ ᠤᠨ ᠨᠢᠭᠡ ᠮᠧᠲᠷ︾ ᠢ ᠨᠡᠪᠳᠡᠷᠡᠬᠦᠯᠦᠭᠰᠡᠨ ᠪᠠᠶᠢᠨ᠎ᠠ᠃ ᠣᠶᠢᠷ᠎ᠠ ᠳᠤ᠂ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠠᠰᠠ ᠲᠦᠷᠢᠮ | ᠲᠣᠭᠲᠠᠭᠠᠯ ᠠᠴᠠ ᠵᠥᠷᠢᠴᠡᠨ ᠠᠳᠤᠭᠤ ᠮᠠᠯ ᠢᠶᠠᠨ ᠬᠤᠲᠠ ᠶᠢᠨ ᠲᠣᠭᠤᠷᠢᠭ ᠲᠤ ᠤᠷᠤᠭᠤᠯᠵᠤ᠂ ᠬᠤᠳᠠ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠦᠷᠢᠴᠡᠨ᠂ ᠰᠠᠭᠤᠭᠠᠯᠢ ᠠᠷᠠᠳ ᠲᠤ ᠠᠮᠤᠷ ᠲᠦᠪᠰᠢᠨ ᠤ | ᠲᠠᠯᠳᠠ ᠭᠡᠮ ᠠᠪᠴᠢᠷᠠᠭᠰᠠᠨ 5 ᠬᠡᠷᠡᠭ ᠢ ᠪᠠᠶᠢᠴᠠᠭᠠᠨ ᠢᠯᠡᠷᠡᠬᠦᠯᠵᠦ᠂ ᠬᠤᠯᠪᠣᠭᠳᠠᠯ ᠪᠦᠬᠦᠢ ᠬᠠᠤᠯᠢ ᠲᠦᠷᠢᠮ ᠢ | ᠦᠨᠳᠦᠰᠦᠯᠡᠨ ᠴᠢᠩᠭ᠎ᠠ ᠰᠢᠳᠬᠡᠵᠡᠶ᠃ ᠲᠠᠷᠠᠭᠠᠴᠢ ᠪᠠᠷ᠂ ᠪᠤᠤᠴᠠᠩ ᠪᠠᠯᠭᠠᠰᠤᠨ ᠤ ᠬᠢᠨ ᠲᠣᠭᠤᠷᠢᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠢᠮ ᠲᠣᠭᠲᠠᠭᠠᠯ ᠠᠴᠠ ᠵᠥᠷᠢᠴᠡᠨ ᠠᠳᠤᠭᠤ ᠮᠠᠯᠵᠢᠵᠤ | ᠪᠠᠶᠢᠭ᠎ᠠ ᠦᠶᠯᠡ ᠠᠵᠢᠯᠯᠠᠭ᠎ᠠ ᠶᠢ ᠪᠠᠶᠢᠩᠭᠤ ᠶᠢᠨ ᠴᠢᠨᠠᠷᠳᠠᠢ ᠴᠢᠩᠭ᠎ᠠ ᠬᠠᠮᠢᠶᠠᠷᠬᠤ ᠪᠠᠷ ᠪᠠᠶᠢᠨ᠎ᠠ᠃ |