ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠬᠦᠯᠵᠦ᠂ ᠪᠦᠬᠦ ᠰᠢᠶᠠᠩ ᠤᠨ | ᠠᠶᠤᠯᠭᠦᠢ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠬᠤ ᠶᠢᠨ ᠲᠦᠯᠦᠭᠡ᠂ 1 ᠰᠠᠷ᠎ᠠ ᠶᠢᠨ 24 ᠤ | ᠡᠳᠦᠷ ᠰᠢᠩ ᠹᠦ᠋ ᠰᠢᠶᠠᠩ ᠤᠨ ᠵᠠᠰᠠᠭ ᠤᠨ ᠤᠷᠳᠤᠨ ᠨᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠪᠤᠷᠢ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ᠠᠵᠤ ᠠᠬᠤᠶᠢᠯᠠᠯ᠂ ᠲᠣᠰᠣ ᠨᠡᠮᠡᠬᠦ | ᠦᠷᠳᠡᠭᠡ᠂ ᠫᠤᠤᠵᠢᠩ ᠤᠨ ᠳᠡᠯᠭᠡᠭᠦᠷ᠂ ᠵᠣᠴᠢᠳ ᠤᠨ ᠪᠠᠭᠤᠳᠠᠯ᠂ ᠳᠡᠯᠭᠡᠭᠦᠷ ᠬᠤᠳᠠᠯᠳᠤᠭ᠎ᠠ ᠵᠡᠷᠭᠡ | ᠭᠤᠣᠯᠳᠠᠯᠭ᠎ᠠ ᠲᠠᠢ ᠨᠢᠭᠡᠴᠡ ᠪᠠ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠦᠨᠵᠡᠬᠡᠶᠢᠷᠡᠵᠦ᠂ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ | ᠦᠢᠯᠡᠳᠪᠦᠷᠢᠯᠡᠯ ᠡᠵᠡᠩᠨᠡᠯᠳᠡ᠂ ᠴᠠᠬᠢᠯᠭᠠᠨ᠂ ᠬᠡᠢ᠂ ᠭᠠᠯ ᠤᠨᠲᠠᠷᠠᠭᠠᠬᠤ ᠲᠥᠬᠦᠭᠡᠷᠦᠮᠵᠢ᠂ ᠫᠤᠤᠵᠢᠩ ᠲᠠᠷᠢ᠂ | ᠢᠳᠡᠭᠡᠨ ᠤ ᠠᠮᠤᠷ ᠲᠦᠪᠰᠢᠨ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠲᠤ | ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠢ ᠲᠠᠷᠤᠶᠢᠬᠠᠨ ᠴᠡᠭᠴᠡᠯᠡᠵᠦ ᠲᠡᠶᠢᠯᠬᠦ ᠶᠢ ᠨᠢ ᠲᠠᠷᠤᠶᠢᠬᠠᠨ | ᠴᠡᠭᠴᠡᠯᠡᠵᠦ᠂ ᠲᠠᠷᠤᠶᠢᠬᠠᠨ ᠴᠡᠭᠴᠡᠯᠡᠵᠤ ᠳᠡᠶᠢᠯᠬᠦ ᠦᠭᠡᠢ ᠶᠢ ᠨᠢ ᠲᠤᠭᠳᠠᠭᠰᠠᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠦᠭᠡᠳ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ | ᠮᠥᠷᠳᠡᠨ ᠪᠠᠶᠢᠴᠠᠭᠠᠬᠤ ᠪᠠᠷ ᠲᠤᠭᠳᠠᠵᠠᠢ᠃ ᠪᠠᠶᠢᠴᠠᠭᠠᠬᠤ ᠳᠤᠭᠤᠶᠢᠯᠠᠩ ᠠᠴᠠ᠂ ᠠᠶᠤᠯᠭᠦᠢ ᠦᠢᠯᠡᠳᠪᠦᠷᠢᠯᠡᠯ ᠤᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ | ᠤᠬᠠᠮᠰᠠᠷ ᠢ ᠪᠠᠲᠤ ᠪᠤᠢ ᠪᠤᠯᠭᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ | ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠨ᠂ ᠠᠶᠤᠯᠭᠦᠢ | ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠨᠡ ᠤᠳᠠᠭᠠᠨ ᠤ | ᠬᠠᠮᠲᠤᠷᠠᠭᠰᠠᠨ ᠪᠠᠶᠢᠴᠠᠭᠠᠯᠲᠠ ᠪᠠᠷ ᠲᠠᠮᠵᠢᠭᠠᠳ᠂ ᠡᠯ᠎ᠡ ᠭᠤᠣᠯᠳᠠᠯᠭ᠎ᠠ ᠲᠠᠢ ᠨᠢᠭᠡᠴᠡ᠂ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠨᠡᠮᠡᠭᠳᠡᠭᠦᠯᠦᠨ᠂ ᠠᠮᠤᠷ ᠲᠦᠪᠰᠢᠨ ᠤ | ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠭᠠᠳ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ | ᠰᠢᠶᠠᠩ ᠤᠨ ᠠᠮᠤᠷ ᠲᠤᠭᠳᠠᠭᠤᠨ ᠢ ᠪᠠᠳᠤᠯᠠᠬᠤ ᠳᠤ ᠮᠠᠰᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ ᠃ |