ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠲᠤᠰᠬᠠᠢ | ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠣᠨ ᠨᠠᠮ ᠤᠨ ᠭᠡᠰᠢᠭᠦᠨ ᠢ ᠠᠷᠠᠳᠴᠢᠯᠠᠯ ᠢᠶᠠᠷ | ᠦᠨᠡᠯᠡᠬᠦ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ 1 ᠰᠠᠷ᠎ᠠ ᠶᠢᠨ 19 ᠤ ᠡᠳᠦᠷ ᠠᠴᠠ 1 ᠰᠠᠷ᠎ᠠ ᠶᠢᠨ | 24 ᠤ ᠡᠳᠦᠷ ᠪᠣᠯᠲᠠᠯ᠎ᠠ ᠯᠥᠸᠧ ᠲᠦᠸᠧ ᠱᠠᠨ ᠪᠠᠯᠭᠠᠰᠤᠨ ᠤ ᠡᠯ᠎ᠡ ᠨᠠᠮ ᠤᠨ ᠡᠭᠦᠷ ᠨᠢ ᠭᠤᠣᠯ ᠰᠡᠳᠦᠪᠲᠦ | ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠠᠯᠭᠠᠪᠡᠷ | ᠬᠤᠷᠠᠯᠳᠤᠭᠤᠯᠪᠠ᠃ ᠬᠤᠷᠠᠯ ᠠᠴᠠ ᠡᠮᠦᠨ᠎ᠡ᠂ ᠡᠯ᠎ᠡ ᠨᠠᠮ ᠤᠨ ᠡᠭᠦᠷ ᠤᠨ ᠬᠢᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠤᠰᠤᠳ ᠲᠣᠭᠲᠠᠭᠠᠯ ᠤᠨ ᠠᠭᠤᠯᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠂ | ᠨᠠᠮ ᠤᠨ ᠭᠡᠰᠢᠭᠦᠳ ᠥᠪᠡᠷ ᠥᠪᠡᠷ ᠤᠨ ᠠᠵᠢᠯ ᠰᠤᠷᠤᠯᠴᠠᠯᠭ᠎ᠠ ᠶᠢᠨ ᠪᠠᠶᠢᠳᠠᠯ ᠲᠠᠢ ᠪᠠᠨ ᠤᠶᠠᠯᠳᠤᠭᠤᠯᠤᠨ | ᠠᠰᠠᠭᠤᠳᠠᠯ ᠢ ᠪᠠᠶᠢᠴᠠᠭᠠᠨ ᠲᠡᠯᠬᠡᠬᠦ ᠶᠢᠨ ᠬᠠᠮᠳᠤ ᠵᠠᠳᠠᠯᠤᠨ ᠰᠢᠨᠵᠢᠯᠡᠵᠦ᠂ ᠡᠨᠡ ᠤᠳᠠᠭᠠᠨ ᠤ ᠭᠤᠣᠯ ᠰᠡᠳᠦᠪᠲᠦ | ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠬᠤᠷᠠᠯ ᠤᠨ ᠲᠠᠷᠠᠭ᠎ᠠ᠂ ᠡᠯ᠎ᠡ ᠨᠠᠮ ᠤᠨ ᠡᠭᠦᠷ ᠨᠢ | ᠠᠷᠠᠳᠴᠢᠯᠠᠯ ᠢᠶᠠᠷ ᠦᠨᠡᠯᠡᠬᠦ ᠠᠯᠬᠤᠮ ᠶᠠᠪᠤᠴᠠ ᠶᠣᠰᠣᠭᠠᠷ ᠠᠬᠤᠢ ᠲᠠᠯᠠᠪᠠᠢ ᠶᠢᠨ ᠦᠨᠡᠯᠡᠯᠲᠡ ᠬᠢᠭᠰᠡᠨ ᠪᠠᠶᠢᠨ᠎ᠠ | ᠃ ᠪᠦᠬᠦ ᠪᠠᠯᠭᠠᠰᠤᠨ ᠤ ᠡᠯ᠎ᠡ ᠨᠠᠮ ᠤᠨ ᠡᠭᠦᠷ ᠨᠢ ᠡᠨᠡ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠤᠯᠭᠠᠨ᠂ | ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠬᠤ ᠶᠢ ᠦᠷᠭᠦᠯᠵᠢᠯᠡᠨ ᠴᠢᠩᠭᠠᠳᠬᠠᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ | ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠤᠨ᠂ ᠠᠵᠢᠯ ᠤᠨ ᠭᠡᠷᠡᠭᠵᠢᠬᠦᠯᠬᠦ ᠬᠦᠴᠦᠨ ᠢᠶᠠᠨ ᠴᠢᠩᠭᠠᠳᠬᠠᠵᠤ᠂ | ᠪᠦᠬᠦ ᠪᠠᠯᠭᠠᠰᠤᠨ ᠤ ᠡᠯ᠎ᠡ ᠲᠦᠷᠦᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ | ᠴᠢᠳᠠᠯ ᠢᠶᠠᠨ ᠨᠡᠮᠡᠷᠢᠯᠡᠬᠦ ᠪᠠᠷ ᠪᠠᠶᠢᠨ᠎ᠠ ᠃ |