ᠪᠤᠤᠴᠠᠩ ᠪᠠᠯᠭᠠᠰᠤ
ᠨᠡᠶᠢᠲᠡᠯᠡᠭᠰᠡᠨ ᠴᠠᠭ᠄
2024/1/28
   ᠪᠤᠤᠴᠠᠩ ᠪᠠᠯᠭᠠᠰᠤ ᠪᠤᠯ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ᠂  ᠶᠡᠷᠦᠩᠬᠡᠢ ᠲᠠᠯᠠᠪᠠᠶ ᠨᠢ 256 ᠲᠡᠭᠰᠢ ᠳᠥᠷᠪᠡᠯᠵᠢᠨ ᠺᠢᠯᠣᠮᠧᠲᠷ᠂ ᠬᠤᠲᠠ ᠶᠢᠨ ᠲᠣᠭᠤᠷᠢᠭ ᠤᠨ ᠲᠠᠯᠠᠪᠠᠶ ᠨᠢ 22.1 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 ᠨᠡᠶᠢᠭᠡᠮ ᠲᠣᠭᠤᠷᠢᠭ  ᠂ 21 ᠵᠠᠰᠠᠭ ᠵᠠᠬᠢᠷᠭᠠᠨ ᠤ ᠲᠣᠰᠬᠤᠨ᠂ 62 ᠠᠶᠢᠯ ᠬᠤᠳᠠ ᠶᠢ ᠬᠠᠷᠢᠶᠠᠯᠠᠨ᠎ᠠ᠃ ᠡᠷᠦᠬᠡ ᠠᠮᠠ ᠶᠢᠨ ᠲᠠᠩᠰᠠ ᠲᠠᠢ ᠨᠢ 2 .91 ᠲᠦᠮᠡᠨ ᠡᠷᠦᠬᠡ  ᠂ 5.8 ᠲᠦᠮᠡᠨ ᠬᠥᠮᠥᠨ ᠪᠠᠶᠢᠵᠤ  ᠂  ᠪᠠᠶᠢᠩᠭᠤ ᠰᠠᠭᠤᠭ᠎ᠠ ᠨᠢ 2.89  ᠲᠦᠮᠡᠨ ᠡᠷᠦᠬᠡ  5.51 ᠲᠦᠮᠡᠨ ᠬᠥᠮᠥᠨ  ᠃   ᠪᠥᠬᠦ ᠪᠠᠯᠭᠠᠰᠤᠨ ᠤ ᠲᠠᠷᠢᠶᠠᠨ ᠭᠠᠵᠠᠷ ᠤᠨ ᠲᠠᠯᠠᠪᠠᠶ 12.42 ᠲᠦᠮᠡᠨ ᠮᠦ᠂ ᠡᠭᠦᠨ ᠳᠤ ᠤᠰᠤᠯᠠᠯᠲᠠ ᠶᠢᠨ ᠲᠠᠯᠠᠪᠠᠶ 3.5 ᠲᠦᠮᠡᠨ ᠮᠦ ᠪᠠᠶᠢᠵᠤ᠂ ᠬᠥᠮᠥᠨ ᠳᠤᠮᠳᠠᠴᠢ  ᠪᠠᠷ 5.1 ᠮᠦ  ᠲᠠᠷᠢᠶᠠᠨ ᠭᠠᠵᠠᠷ ᠨᠤᠭᠳᠠᠨ᠎ᠠ  ᠃ ᠠᠰᠢᠭᠯᠠᠵᠤ ᠪᠣᠯᠬᠤ  ᠨᠤᠳᠤᠭ ᠪᠡᠯᠴᠢᠭᠡᠷ ᠤᠨ ᠲᠠᠯᠠᠪᠠᠶ 16.9 ᠲᠦᠮᠡᠨ ᠮᠦ᠃   ᠪᠠᠯᠭᠠᠰᠤᠨ ᠳᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ  ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠂ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠲᠠᠢ᠃ ᠣᠳᠣᠬᠠᠨ ᠳᠤ 105 ᠺᠠᠳ᠋ᠷ ᠠᠵᠢᠯᠲᠠᠨ ᠤ ᠳᠣᠲᠣᠷ᠎ᠠ ᠵᠠᠰᠠᠭ ᠵᠠᠬᠢᠷᠭᠠᠨ ᠤ ᠣᠷᠣᠨ ᠲᠤᠭ᠎ᠠ ᠳᠤ 42 ᠬᠦᠮᠦᠨ᠂ ᠠᠵᠢᠯ ᠦᠢᠯᠡᠰ ᠤᠨ ᠣᠷᠣᠨ ᠲᠤᠭ᠎ᠠ ᠳᠤ 63  ᠬᠦᠮᠦᠨ ᠪᠣᠶ᠃   ᠪᠦᠬᠦ ᠪᠠᠯᠭᠠᠰᠤᠨ ᠳᠤ ᠨᠡᠶᠢᠲᠡ  ᠨᠠᠮ ᠤᠨ ᠡᠭᠦᠷ 40 ︵ᠡᠭᠦᠨ ᠳᠤ ᠪᠠᠶᠢᠭᠤᠯᠭ᠎ᠠ ᠶᠢᠨ ᠨᠠᠮ ᠤᠨ ᠡᠭᠦᠷ 1᠂ ᠲᠣᠰᠬᠤᠨ ᠱᠠᠳᠤᠨ ᠤ ᠨᠠᠮ ᠤᠨ ᠡᠭᠦᠷ 21᠂ ᠨᠡᠶᠢᠭᠡᠮ ᠲᠣᠭᠤᠷᠢᠭ ᠤᠨ ᠨᠠᠮ ᠤᠨ ᠡᠭᠦᠷ 18︶᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ 6 ᠪᠠᠶᠢᠵᠤ᠂ ᠨᠡᠶᠢᠭᠡᠮ ᠲᠣᠭᠤᠷᠢᠭ ᠨᠢᠭᠡᠪᠦᠷᠢ ᠳᠤ 3 ᠨᠠᠮ ᠤᠨ ᠡᠭᠦᠷ ᠲᠠᠢ᠂ ᠪᠠᠶᠢᠭᠤᠯᠭ᠎ᠠ ᠶᠢᠨ ᠨᠠᠮ ᠤᠨ ᠭᠡᠰᠢᠭᠦᠨ 61 ᠪᠠᠶᠢᠵᠤ᠂ ᠨᠡᠶᠢᠲᠡ 2234 ᠨᠠᠮ ᠤᠨ ᠭᠡᠰᠢᠭᠦᠨ ᠲᠠᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号