ᠬᠦᠨᠪᠤᠯᠠᠭ ᠰᠤᠮᠤ
ᠨᠡᠶᠢᠲᠡᠯᠡᠭᠰᠡᠨ ᠴᠠᠭ᠄
2024/1/28
   ᠬᠦᠨᠪᠤᠯᠠᠭ ᠰᠤᠮᠤ ᠪᠤᠯ ᠴᠣᠯ ᠮᠠᠯᠵᠢᠬᠤ ᠤᠷᠤᠨ᠂  ᠲᠠᠶᠢᠹᠤᠰᠧ ᠬᠤᠰᠢᠭᠤᠨ ᠤ ᠡᠮᠦᠨ᠎ᠡ ᠵᠠᠬ᠎ᠠ ᠳᠤ ᠬᠤᠰᠢᠭᠤᠨ ᠲᠦᠪ ᠠᠴᠠ 25 ᠺᠢᠯᠣᠮᠧᠲᠷ ᠵᠠᠶᠢᠳᠠᠢ ᠪᠠᠶᠢᠷᠢᠯᠠᠵᠤ ᠪᠤᠢ᠂ ᠵᠡᠭᠦᠨᠰᠢ ᠪᠠᠷᠠᠭᠤᠨᠰᠢ ᠣᠷᠳᠣ ᠨᠢ 38 ᠺᠢᠯᠣᠮᠧᠲᠷ᠂ ᠡᠮᠦᠨᠡᠰᠢ ᠤᠮᠠᠷᠠᠰᠢ ᠥᠷᠭᠡᠨ ᠨᠢ 35 ᠺᠢᠯᠣᠮᠧᠲᠷ᠂ ᠶᠡᠷᠦᠩᠬᠡᠢ ᠲᠠᠯᠠᠪᠠᠶ ᠨᠢ 850 ᠲᠡᠭᠰᠢ ᠳᠥᠷᠪᠡᠯᠵᠢᠨ ᠺᠢᠯᠣᠮᠧᠲᠷ ᠃ ᠡᠮᠦᠨ᠎ᠡ ᠲᠠᠯ᠎ᠠ  ᠪᠠᠷ ᠢᠶᠠᠨ ᠾᠧᠪᠧᠢ ᠶᠢᠨ ᠬᠥ᠋ ᠶᠤᠸᠠᠨ ᠰᠢᠶᠠᠨ ᠂ ᠪᠠᠷᠠᠭᠤᠨ ᠲᠠᠯ᠎ᠠ  ᠪᠠᠷ ᠢᠶᠠᠨ ᠾᠧᠪᠧᠢ ᠶᠢᠨ ᠺᠠᠩ ᠪᠦᠦ ᠲᠠᠢ  ᠬᠢᠯᠢ ᠵᠠᠯᠭᠠᠨ᠎ᠠ᠃  ︽207︾  ᠤᠯᠤᠰ ᠤᠨ ᠵᠠᠰᠠᠮᠠᠯ ᠵᠠᠮ ᠪᠣᠯᠣᠨ ᠵᠠᠩ ᠪᠦᠦ ᠲᠦᠷᠭᠡᠨ ᠤ ᠵᠠᠮ ᠲᠤᠰ ᠰᠤᠮᠤ ᠶᠢ ᠲᠠᠮᠵᠢᠨ ᠭᠠᠷᠤᠨ᠎ᠠ  ᠃  ᠶᠡᠷᠦᠩᠬᠡᠢ ᠲᠠᠯᠠᠪᠠᠶ ᠨᠢ 850 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 19 ᠭᠠᠴᠠᠭ᠎ᠠ᠂ 45 ᠬᠤᠲᠠ ᠤᠰᠤ ᠶᠢ ᠬᠠᠷᠢᠶᠠᠯᠠᠨ᠂  ᠡᠷᠦᠬᠡ ᠠᠮᠠ ᠶᠢᠨ ᠲᠠᠩᠰᠠ ᠲᠠᠢ ᠨᠢ 1553 ᠡᠷᠦᠬᠡ 3351 ᠬᠥᠮᠥᠨ ᠪᠠᠶᠢᠵᠤ᠂   ᠪᠠᠶᠢᠩᠭᠤ ᠰᠠᠭᠤᠭ᠎ᠠ ᠨᠢ  984 ᠡᠷᠦᠬᠡ 2253 ᠬᠥᠮᠥᠨ ᠪᠠᠶᠢᠨ᠎ᠠ᠃  ᠬᠦᠨᠪᠤᠯᠠᠭ ᠰᠤᠮᠤ ᠨᠢ ᠮᠠᠯ ᠠᠵᠤ ᠠᠬᠤᠢ ᠪᠠᠷ ᠭᠤᠣᠯ ᠴᠣᠭᠴᠠ ᠪᠣᠯᠭᠠᠭᠰᠠᠨ ᠰᠤᠮᠤ ᠪᠠᠶᠢᠵᠤ᠂ ᠨᠡᠶᠢᠲᠡ 117 ᠲᠦᠮᠡᠨ ᠮᠦ ᠪᠡᠯᠴᠢᠭᠡᠷ ᠲᠠᠢ᠂ ᠡᠭᠦᠨ ᠳᠤ ᠠᠰᠢᠭᠯᠠᠵᠤ ᠪᠣᠯᠬᠤ 106.15 ᠲᠦᠮᠡᠨ ᠮᠦ  ᠂ ᠡᠭᠦᠨ ᠤ ᠲᠤᠳᠤᠷ᠎ᠠ 74 ᠲᠦᠮᠡᠨ ᠮᠦ ᠪᠡᠯᠴᠢᠭᠡᠷ ᠤᠨ ᠭᠠᠵᠠᠷ  ᠂ 28.28 ᠲᠦᠮᠡᠨ ᠮᠦ ᠬᠠᠳᠤᠯᠠᠩ ᠤᠨ ᠭᠠᠵᠠᠷ ᠪᠠᠭᠳᠠᠵᠤ᠂ ᠬᠥᠮᠥᠨ ᠪᠦᠷᠢ ᠳᠤ ᠳᠤᠮᠳᠠᠴᠢ ᠪᠠᠷ 360 ᠮᠦ ᠨᠤᠳᠤᠭ ᠪᠡᠯᠴᠢᠭᠡᠷ ᠨᠤᠭᠳᠠᠨ᠎ᠠ᠃  ᠤᠰᠤᠯᠠᠯᠲᠠ ᠶᠢᠨ ᠲᠠᠷᠢᠶ᠎ᠠ 4.2 ᠲᠦᠮᠡᠨ ᠮᠦ᠂ ᠬᠠᠭᠤᠷᠠᠢ ᠲᠠᠷᠢᠶ᠎ᠠ 1.2 ᠲᠦᠮᠡᠨ ᠮᠦ᠃  2022 ᠣᠨ ᠤ  ᠵᠢᠯ ᠤᠨ ᠡᠴᠦᠰ ᠤᠨ ᠪᠦᠷᠢᠳᠭᠡᠯ ᠳᠤ ᠮᠠᠯ ᠤᠨ ᠲᠤᠭ᠎ᠠ ᠲᠤᠯᠤᠭᠠᠢ 8.86 ᠲᠦᠮᠡ ︵ᠡᠭᠦᠨ ᠳᠤ ᠦᠬᠡᠷ 1.34 ᠲᠦᠮᠡ᠂  ᠠᠳᠤᠭᠤ 0.42 ᠲᠦᠮᠡ᠂ ᠬᠤᠨᠢ 7.10 ᠲᠦᠮᠡ︶ ᠳᠤ ᠬᠦᠷᠴᠦ᠂  ᠰᠠᠶᠢᠨ ᠡᠭᠦᠯᠳᠡᠷ ᠤᠨ ᠨᠣᠷᠮ᠎ᠠ 90% ᠶᠢ ᠳᠠᠪᠠᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号