ᠯᠦᠸᠧ ᠲᠦᠸᠧ ᠱᠠᠨ  ᠪᠠᠯᠭᠠᠰᠤ
ᠨᠡᠶᠢᠲᠡᠯᠡᠭᠰᠡᠨ ᠴᠠᠭ᠄
2024/1/28
    ᠯᠦᠸᠧ ᠲᠦᠸᠧ ᠱᠠᠨ ᠪᠠᠯᠭᠠᠰᠤᠨ ᠤ ᠶᠡᠷᠦᠩᠬᠡᠢ ᠲᠠᠯᠠᠪᠠᠶ ᠨᠢ 598 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 19 ᠵᠠᠰᠠᠭ ᠵᠠᠬᠢᠷᠭᠠᠨ ᠤ ᠲᠣᠰᠬᠤᠨ  ᠂ 80 ᠠᠶᠢᠯ ᠬᠤᠳᠠ ᠶᠢ ᠬᠠᠷᠢᠶᠠᠯᠠᠨ᠎ᠠ᠃ ᠡᠷᠦᠬᠡ ᠠᠮᠠ ᠶᠢᠨ ᠲᠠᠩᠰᠠ ᠲᠠᠢ   ᠨᠢ 9932 ᠡᠷᠦᠬᠡ 22220 ᠬᠥᠮᠥᠨ᠂ ᠪᠠᠶᠢᠩᠭᠤ ᠰᠠᠭᠤᠭ᠎ᠠ ᠨᠢ 3464 ᠡᠷᠦᠬᠡ 8313 ᠬᠥᠮᠥᠨ  ᠂  ᠲᠠᠩᠰᠠᠯᠠᠭᠳᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ 1591 ᠡᠷᠦᠬᠡ 3313 ᠬᠦᠮᠦᠨ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ 1947 ᠡᠷᠦᠬᠡ 2826 ᠬᠦᠮᠦᠨ᠂ ᠲᠠᠪᠤᠨ ᠪᠠᠲᠤᠯᠠᠭᠠᠲᠤ ᠡᠷᠦᠬᠡ 52 ᠪᠣᠶ᠃ ᠲᠠᠷᠢᠶᠠᠨ ᠭᠠᠵᠠᠷ 24 ᠲᠦᠮᠡᠨ ᠮᠦ ︵ᠤᠰᠤᠯᠠᠯᠲᠠ ᠶᠢᠨ ᠲᠠᠷᠢᠶ᠎ᠠ 15 ᠲᠦᠮᠡᠨ ᠮᠦ︶᠂ ᠣᠶᠢᠲᠤ ᠭᠠᠵᠠᠷ 24 ᠲᠦᠮᠡᠨ ᠮᠦ᠂  ᠨᠤᠳᠤᠭ ᠪᠡᠯᠴᠢᠭᠡᠷ 23 ᠲᠦᠮᠡᠨ ᠮᠦ  ᠂ ᠮᠠᠯ ᠤᠨ ᠲᠤᠭ᠎ᠠ ᠲᠣᠯᠣᠭᠠᠢ 6 ᠲᠦᠮᠡ ︵ᠪᠣᠳᠠ ᠮᠠᠯ 2  ᠲᠦᠮᠡ᠂ ᠪᠣᠭ ᠮᠠᠯ 4  ᠲᠦᠮᠡ︶᠃  ᠪᠠᠯᠭᠠᠰᠤᠨ ᠳᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠠᠯᠪᠠᠨ ᠭᠡᠷ ᠂ ᠠᠮᠤᠷ ᠲᠦᠪᠰᠢᠨ ᠤ ᠪᠠᠶᠢᠭᠤᠯᠤᠯᠲᠠ   ᠶᠢᠨ ᠠᠯᠪᠠᠨ ᠭᠡᠷ ᠵᠡᠷᠭᠡ 5 ᠠᠯᠪᠠᠨ ᠭᠡᠷ ᠪᠠ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠵᠡᠷᠭᠡ 3 ᠠᠵᠢᠯ ᠦᠢᠯᠡᠰ ᠤᠨ ᠨᠢᠭᠡᠴᠡ ᠲᠠᠢ ᠪᠠᠶᠢᠵᠤ᠂ 91 ᠺᠠᠳ᠋ᠷ ᠠᠵᠢᠯᠲᠠᠨ ᠠᠵᠢᠯᠴᠢᠨ ᠲᠠᠢ᠃ ᠨᠠᠮ ᠤᠨ ᠡᠭᠦᠷ 20 ︵ᠡᠬᠦᠨ ᠳᠤ ᠪᠠᠶᠢᠭᠤᠯᠭ᠎ᠠ ᠶᠢᠨ ᠡᠭᠦᠷ 1︶᠂ ᠨᠠᠮ ᠤᠨ ᠭᠡᠰᠢᠭᠦᠨ 620 ︵ᠡᠬᠦᠨ ᠳᠤ ᠪᠡᠯᠡᠳᠬᠡᠯ ᠨᠠᠮ ᠤᠨ ᠭᠡᠰᠢᠭᠦᠨ 11︶᠂ ᠨᠡᠭᠦᠳᠡᠯ ᠨᠠᠮ ᠤᠨ ᠭᠡᠰᠢᠭᠦᠨ 284 ᠪᠣᠶ᠃  ᠴᠠᠷᠳᠠᠮᠠᠯ ᠵᠠᠮ 80 ᠺᠢᠯᠣᠮᠧᠲᠷ᠂  ᠽᠧᠮᠧᠨ᠋ᠲ ᠵᠠᠮ 105 ᠺᠢᠯᠣᠮᠧᠲᠷ ᠲᠤ ᠬᠦᠷᠴᠦ᠂ ᠪᠦᠬᠦ ᠵᠠᠰᠠᠭ ᠵᠠᠬᠢᠷᠭᠠᠨ ᠤ ᠲᠣᠰᠬᠤᠨ ᠢ ᠬᠠᠮᠤᠷᠴᠠᠢ᠃ 1727 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 35 ᠺᠢᠯᠤᠸᠤᠯᠲ ᠤᠨ ᠴᠠᠬᠢᠯᠭᠠᠨ ᠬᠦᠷᠭᠡᠬᠦ ᠦᠷᠲᠡᠭᠡ ᠪᠠ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 30 ᠲᠦᠮᠡᠨ ᠺᠢᠯᠣᠸᠠᠲ ᠬᠦᠷᠬᠦ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢ ᠪᠠᠶᠢᠭᠤᠯᠪᠠ  ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号