ᠴᠢᠶᠠᠨ ᠶᠢᠨ ᠭᠧᠦ ᠪᠠᠯᠭᠠᠰᠤ
ᠨᠡᠶᠢᠲᠡᠯᠡᠭᠰᠡᠨ ᠴᠠᠭ᠄
2024/1/28
    ᠴᠢᠶᠠᠨ ᠶᠢᠨ ᠭᠧᠦ ᠪᠠᠯᠭᠠᠰᠤ ᠨᠢ ᠲᠠᠶᠢᠹᠤᠰᠧ ᠬᠤᠰᠢᠭᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ ᠪᠤᠢ᠂ ᠶᠡᠷᠦᠩᠬᠡᠢ ᠲᠠᠯᠠᠪᠠᠶ ᠨᠢ 586 ᠲᠡᠭᠰᠢ ᠳᠥᠷᠪᠡᠯᠵᠢᠨ ᠺᠢᠯᠣᠮᠧᠲᠷ  ᠂ ᠾᠧᠪᠧᠢ ᠮᠤᠵᠢ ᠶᠢᠨ ᠬᠥ᠋ ᠶᠤᠸᠠᠨ ᠰᠢᠶᠠᠨ ᠲᠠᠢ ᠵᠠᠬ᠎ᠠ ᠨᠡᠶᠢᠯᠡᠵᠦ᠂ 37 ᠵᠠᠰᠠᠭ ᠵᠠᠬᠢᠷᠭᠠᠨ ᠤ ᠲᠣᠰᠬᠤᠨ᠂ 99 ᠠᠶᠢᠯ ᠲᠣᠰᠬᠤᠨ ᠢ  ᠬᠠᠷᠢᠶᠠᠯᠠᠨ᠎ᠠ᠂ ᠶᠡᠷᠦᠩᠬᠡᠢ ᠬᠥᠮᠥᠨ ᠠᠮᠠ ᠨᠢ 17606 ᠡᠷᠦᠬᠡ 41402 ᠬᠥᠮᠥᠨ  ᠂ ᠡᠭᠦᠨ ᠤ ᠳᠣᠲᠣᠷ᠎ᠠ  ᠪᠠᠶᠢᠩᠭᠤ ᠰᠠᠭᠤᠭ᠎ᠠ ᠨᠢ 6021 ᠡᠷᠦᠬᠡ 12055 ᠬᠥᠮᠥᠨ᠂ ᠭᠠᠳᠠᠭᠰᠢ ᠭᠠᠷᠤᠭᠰᠠᠨ ᠨᠢ 11136 ᠡᠷᠦᠬᠡ 27914 ᠬᠥᠮᠥᠨ᠃  ᠪᠠᠯᠭᠠᠰᠤᠨ ᠳᠤ ᠨᠡᠶᠢᠲᠡ 38 ᠨᠠᠮ ᠤᠨ ᠡᠭᠦᠷ  ᠂ 950 ᠨᠠᠮ ᠤᠨ ᠭᠡᠰᠢᠭᠦᠨ ᠲᠠᠢ᠃     ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠬᠤ ᠠᠵᠤ ᠦᠢᠯᠡᠰ ᠪᠣᠯᠭᠠᠵᠤ᠂ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠶ ᠨᠢ 33 ᠲᠦᠮᠡᠨ ᠮᠦ ᠳᠤ ᠬᠦᠷᠴᠦ᠂ ᠡᠭᠦᠨ ᠳᠤ ᠤᠰᠤᠯᠠᠯᠲᠠ ᠶᠢᠨ ᠲᠠᠯᠠᠪᠠᠶ 16 ᠲᠦᠮᠡᠨ ᠮᠦ ᠪᠠᠶᠢᠭ᠎ᠠ᠃   ᠲᠣᠮᠣ ᠬᠡᠯᠪᠡᠷᠢ ᠶᠢᠨ ᠰᠦᠷᠴᠢᠨ ᠤᠰᠤᠯᠠᠬᠤ ᠲᠣᠭᠤᠷᠢᠭ 115᠂ ᠳᠤᠰᠤᠯᠭᠠᠨ ᠤᠰᠤᠯᠠᠬᠤ  ᠲᠣᠭᠤᠷᠢᠭ 39 ᠪᠠᠶᠢᠵᠤ᠂ ᠭᠤᠣᠯᠳᠠᠭᠤ ᠢᠳᠡᠰᠢᠨ ᠨᠣᠭᠤᠭ᠎ᠠ᠂ ᠲᠥᠮᠥᠰᠥ᠂ ᠥᠨᠳᠥᠷ ᠤᠨᠠᠯᠳᠠᠳᠤ ᠲᠡᠵᠢᠭᠡᠯ ᠪᠣᠷᠳᠤᠭ᠎ᠠ ᠵᠡᠷᠭᠡ ᠶᠢ ᠲᠠᠷᠢᠵᠤ᠂ ᠬᠠᠭᠤᠷᠠᠢ ᠲᠠᠷᠢᠶᠠᠨ ᠳᠤ ᠭᠤᠣᠯᠳᠠᠭᠤ ᠶᠤᠤᠮᠠᠢ᠂ ᠪᠤᠭᠤᠳᠠᠢ᠂ ᠲᠣᠰᠣᠯᠢᠭ ᠲᠠᠷᠢᠮᠠᠯ ᠳᠠᠷᠢᠳᠠᠭ᠃ ᠪᠥᠬᠦ ᠪᠠᠯᠭᠠᠰᠤ ᠪᠠᠷ ᠢᠶᠠᠨ 3 ᠲᠦᠮᠡ ᠰᠢᠬᠠᠮ ᠮᠢᠬᠠᠨ ᠤ ᠦᠬᠡᠷ ᠮᠠᠯᠵᠢᠵᠤ᠂ 7000 ᠰᠢᠬᠠᠮ ᠭᠠᠭ᠋ᠠᠢ  ᠲᠡᠵᠢᠬᠡᠵᠦ ᠪᠤᠢ᠃ ᠪᠥᠬᠦ ᠵᠢᠯ ᠳᠤ  ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ 7᠂  ᠭᠡᠷ ᠪᠦᠯᠢ ᠶᠢᠨ ᠮᠠᠯᠵᠢᠯ ᠤᠨ ᠲᠠᠯᠠᠪᠠᠶ 37 ᠶᠢ ᠬᠢᠨᠠᠨ ᠵᠦᠪᠰᠢᠶᠡᠷᠡᠬᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃  ᠨᠡᠶᠢᠲᠡ 16.5 ᠲᠦᠮᠡᠨ ᠮᠦ ᠤᠰᠤᠯᠠᠯᠲᠠ ᠶᠢᠨ ᠭᠠᠵᠠᠷ ᠢ ᠨᠡᠭᠡᠭᠡᠨ ᠬᠥᠭᠵᠢᠭᠦᠯᠵᠦ᠂  ᠢᠳᠡᠰᠢᠨ ᠨᠤᠭᠤᠭᠠᠨ ᠤ ᠲᠣᠭᠲᠠᠮᠠᠯ ᠲᠤᠯᠠᠭᠠᠨᠳᠤ ᠬᠥᠮᠥᠷᠭᠡ 13 ᠰᠠᠭᠤᠷᠢ᠂  ᠲᠥᠮᠥᠰᠥ ᠬᠠᠳᠠᠭᠠᠯᠠᠬᠤ ᠵᠣᠭᠤᠷᠢ 20  ᠂  ᠲᠣᠮᠣ ᠬᠦᠯᠡᠮᠵᠢ 280  ᠂  ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ 5  ᠂ ᠤᠰᠤ ᠪᠠᠷ ᠤᠬᠢᠶᠠᠬᠤ ᠦᠢᠯᠡᠳᠪᠦᠷᠢ ᠶᠢᠨ ᠲᠠᠰᠤᠭ 2 ᠢ ᠪᠠᠶᠢᠭᠤᠯᠪᠠ᠃  ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ 3 ᠶᠢ ᠪᠠᠶᠢᠭᠤᠯᠵᠤ᠂ 200  ᠰᠠᠭᠤᠷᠢ ᠨᠡᠶᠢᠲᠡ ᠶᠢᠨ ᠢᠳᠡᠰᠢᠨ ᠨᠣᠭᠤᠭᠠᠨ ᠤ ᠲᠣᠮᠣ ᠬᠦᠯᠡᠮᠵᠢ ᠶᠢ ᠰᠢᠨ᠎ᠡ ᠪᠠᠷ ᠪᠠᠶᠢᠭᠤᠯᠤᠭᠰᠠᠨ ᠪᠦᠭᠡᠳ᠂  ᠳᠡᠭᠡᠳᠦ ᠱᠠᠲᠤᠨ ᠤ 1020 ᠲᠦᠮᠡᠨ ᠲᠦᠬᠦᠷᠢᠭ ᠤᠨ ᠪᠡᠯᠡ ᠮᠥᠩᠭᠦ ᠶᠢ ᠣᠯᠵᠤ᠂  ᠢᠳᠡᠰᠢᠨ ᠨᠣᠭᠤᠭ᠎ᠠ ᠶᠢ ᠬᠦᠢᠲᠡᠨ ᠢᠶᠠᠷ ᠬᠠᠳᠠᠭᠠᠯᠠᠬᠤ ᠰᠠᠭᠤᠷᠢᠨ ᠭᠠᠵᠠᠷ 1 ᠶᠢ ᠪᠠᠶᠢᠭᠤᠯᠤᠨ᠂  1 ᠰᠠᠭᠤᠷᠢ ᠲᠣᠭᠲᠠᠮᠠᠯ ᠲᠤᠯᠠᠭᠠᠨᠳᠤ ᠬᠥᠮᠥᠷᠭᠡ ᠶᠢ ᠲᠠᠰ ᠳᠡᠪᠰᠢᠭᠦᠯᠦᠨ  ᠦᠬᠡᠷᠡᠴᠢᠯᠡᠵᠦ  ᠂   2.5 ᠺᠢᠯᠣᠮᠧᠲᠷ ᠵᠠᠮ ᠢ ᠬᠠᠳᠠᠭᠤᠷᠠᠭᠤᠯᠵᠠᠢ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号