ᠡᠮᠡᠭᠳᠡᠶᠢᠴᠤᠳ ᠤᠨ ᠬᠤᠯᠪᠤᠭᠠᠳᠤ ᠬᠤᠷᠠᠯ
ᠨᠡᠶᠢᠲᠡᠯᠡᠭᠰᠡᠨ ᠴᠠᠭ᠄
2024/1/29
   1. ᠨᠠᠮ ᠤᠨ ᠲᠦᠪ ᠬᠤᠷᠢᠶᠠᠨ ᠤ ᠡᠮᠡᠭᠳᠡᠶᠢᠴᠤᠳ ᠤᠨ ᠠᠵᠢᠯ ᠤᠨ ᠲᠤᠬᠠᠢ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠭᠤᠤᠯ ᠡᠬᠦᠷᠭᠡ ᠶᠢᠨ ᠲᠤᠭᠤᠷᠢᠨ ᠳᠤ ᠡᠮᠡᠭᠳᠡᠶᠢᠴᠤᠳ ᠤᠨ ᠠᠵᠢᠯ ᠤᠨ ᠭᠤᠤᠯᠳᠠᠯᠭ᠎ᠠ ᠶᠢ ᠰᠤᠳᠤᠯᠤᠨ ᠲᠤᠭᠳᠠᠭᠠᠵᠤ᠂  ᠡᠮᠡᠭᠳᠡᠶᠢᠴᠤᠳ ᠬᠡᠦᠬᠡᠳ ᠪᠠᠭᠠᠴᠤᠳ ᠤᠨ ᠠᠵᠢᠯ ᠢ  ᠦᠷᠨᠢᠬᠦᠯᠦᠨ᠎ᠡ᠃    2. ᠪᠦᠬᠦ ᠬᠤᠰᠢᠭᠤᠨ ᠤ ᠡᠮᠡᠭᠳᠡᠶᠢᠴᠤᠳ ᠪᠠ ᠬᠡᠦᠭᠡᠳ ᠪᠠᠭᠠᠴᠤᠳ ᠤᠨ ᠪᠠᠶᠢᠳᠠᠯ ᠬᠢᠭᠡᠳ ᠠᠰᠠᠭᠤᠳᠠᠯ ᠢ ᠪᠠᠶᠢᠴᠠᠭᠠᠨ ᠰᠤᠳᠤᠯᠵᠤ᠂  ᠴᠠᠭ ᠲᠤᠬᠠᠢ ᠳᠤᠨᠢ ᠬᠤᠰᠢᠭᠤ ᠨᠠᠮ ᠵᠠᠰᠠᠭ ᠲᠤ ᠮᠡᠳᠡᠬᠦᠯᠬᠦ ᠶᠢᠨ ᠬᠠᠮᠳᠤ ᠰᠠᠨᠠᠭᠤᠯᠭ᠎ᠠ ᠲᠤᠷᠠᠳᠤᠨ᠎ᠠ᠃    3. ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠡᠮᠡᠭᠳᠡᠶᠢᠴᠤᠳ ᠤᠨ ︽ᠬᠤᠶᠠᠷ ᠢ ᠰᠤᠷᠴᠤ ᠬᠤᠶᠠᠷ ᠢ ᠠᠳᠠᠯᠢᠳᠬᠠᠬᠤ︾ ᠠᠵᠢᠯᠯᠠᠭ᠎ᠠ ᠵᠢᠴᠢ ᠬᠤᠳᠠ ᠪᠠᠯᠭᠠᠰᠤᠨ ᠤ ᠡᠮᠡᠭᠳᠡᠶᠢᠴᠤᠳ ᠤᠨ ︽ᠡᠮᠡᠭᠳᠡᠶᠢᠴᠤᠳ ᠭᠠᠪᠢᠶ᠎ᠠ ᠪᠠᠶᠢᠭᠤᠯᠬᠤ︾ ᠠᠵᠢᠯᠯᠠᠭ᠎ᠠ ᠶᠢ ᠵᠢᠭᠠᠨ  ᠵᠢᠯᠤᠭᠤᠳᠴᠤ ᠲᠦᠯᠬᠢᠨ ᠠᠬᠢᠭᠤᠯᠤᠨ᠎ᠠ᠃ ᠡᠮᠡᠭᠳᠡᠶᠢᠴᠤᠳ ᠢ ᠵᠤᠬᠢᠶᠠᠨ ᠪᠠᠶᠢᠭᠤᠯᠬᠤ  ᠪᠠ ᠲᠠᠶᠢᠴᠢᠯᠠᠨ ᠲᠠᠭᠠᠭᠤᠯᠵᠤ ᠦᠬᠡᠷᠡᠴᠢᠯᠡᠯᠳᠡ ᠨᠡᠬᠡᠬᠡᠯᠳᠡ ᠬᠢᠭᠡᠳ ᠨᠡᠶᠢᠬᠡᠮ ᠵᠢᠷᠤᠮ ᠤᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠳᠤ ᠤᠷᠤᠯᠴᠠᠨ᠎ᠠ᠃   4. ᠡᠮᠡᠭᠳᠡᠶᠢᠴᠤᠳ ᠤᠨ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠡᠮᠡᠭᠳᠡᠶᠢᠴᠤᠳ ᠢ  ᠬᠦᠮᠦᠵᠢᠬᠦᠯᠬᠦ ᠪᠠ ᠵᠢᠯᠤᠭᠤᠳᠤᠨ᠂  ᠪᠡᠶ᠎ᠡ ᠪᠠᠨ ᠬᠦᠨᠳᠦᠯᠡᠬᠦ᠂ ᠪᠡᠶ᠎ᠡ ᠪᠠᠨ ᠢᠳᠡᠭᠡᠬᠦ᠂ ᠪᠡᠶ᠎ᠡ ᠪᠠᠨ ᠲᠠᠭᠠᠭᠠᠬᠤ᠂ ᠪᠡᠶ᠎ᠡ ᠪᠠᠨ ᠬᠦᠴᠦᠷᠭᠡᠭᠵᠢᠬᠦᠯᠬᠦ ᠵᠤᠷᠢᠭ ᠰᠠᠨᠠᠭ᠎ᠠ ᠲᠠᠢ ᠪᠤᠯᠭᠠᠵᠤ᠂ ᠡᠯ᠎ᠡ ᠠᠵᠢᠯ ᠲᠦᠷᠦᠯ ᠤᠨ ᠲᠡᠷᠢᠬᠦᠨ ᠤ ᠡᠮᠡᠭᠳᠡᠶᠢᠴᠤᠳ ᠢ ᠰᠠᠶᠢᠰᠢᠶᠠᠨ ᠵᠤᠷᠢᠬᠵᠢᠭᠤᠯᠵᠤ᠂ ᠡᠮᠡᠭᠳᠡᠶᠢᠴᠤᠳ ᠤᠨ ᠠᠵᠢᠯ ᠮᠡᠷᠭᠡᠵᠢᠯ ᠤᠨ ᠪᠤᠯᠪᠠᠰᠤᠷᠠᠯ ᠪᠠ ᠡᠮᠡᠭᠳᠡᠢ ᠺᠠᠳᠠᠷ ᠤᠨ ᠰᠤᠷᠤᠯᠭ᠎ᠠ ᠪᠤᠯᠪᠠᠰᠤᠷᠠᠯ ᠢ ᠡᠷᠬᠢᠯᠡᠨ᠂  ᠡᠮᠡᠭᠳᠡᠶᠢᠴᠤᠳ ᠤᠨ ᠭᠡᠪ ᠴᠢᠨᠠᠷ ᠢ ᠪᠦᠬᠦ ᠲᠠᠯᠠᠪᠠᠷ ᠲᠡᠭᠡᠭᠰᠢᠯᠡᠬᠦᠯᠵᠦ᠂  ᠡᠮᠡᠭᠳᠡᠢ ᠴᠢᠳᠠᠪᠤᠷᠢᠳᠠᠨ ᠢ  ᠢᠳᠡᠪᠬᠢᠳᠡᠢ ᠬᠦᠮᠦᠵᠢᠬᠦᠯᠦᠨ᠎ᠡ᠃    5. ᠡᠮᠡᠭᠳᠡᠶᠢᠴᠤᠳ ᠢ ᠲᠦᠯᠦᠬᠡᠯᠡᠨ ᠨᠡᠶᠢᠬᠡᠮ ᠤᠨ ᠦᠢᠯᠡᠰ ᠤᠨ ᠠᠷᠠᠳᠴᠢᠯᠠᠭᠰᠠᠨ ᠬᠠᠮᠢᠶᠠᠷᠤᠯᠳᠠ᠂ ᠠᠷᠠᠳᠴᠢᠯᠠᠭᠰᠠᠨ ᠬᠢᠨᠠᠯᠳᠠ ᠳᠤ ᠤᠷᠤᠯᠴᠠᠵᠤ᠂ ᠡᠮᠡᠭᠳᠡᠶᠢᠴᠤᠳ ᠤᠨ ᠤᠯᠤᠰ ᠲᠦᠷᠦ ᠳᠤ ᠤᠷᠤᠯᠴᠠᠬᠤ ᠶᠢ ᠠᠬᠢᠭᠤᠯᠤᠨ᠂ ᠬᠠᠮᠢᠶ᠎ᠠ ᠪᠦᠬᠦᠢ ᠬᠠᠤᠯᠢ ᠲᠦᠷᠢᠮ ᠢ ᠲᠤᠭᠳᠠᠭᠠᠬᠤ ᠳᠤ ᠤᠷᠤᠯᠴᠠᠵᠤ᠂  ᠡᠮᠡᠭᠳᠡᠶᠢᠴᠤᠳ ᠬᠡᠦᠬᠡᠳ ᠪᠠᠭᠠᠴᠤᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃    6. ᠨᠡᠶᠢᠬᠡᠮ ᠤᠨ ᠡᠯ᠎ᠡ ᠡᠳᠡᠭᠡᠳ ᠲᠠᠢ ᠬᠠᠷᠢᠴᠠᠭ᠎ᠠ ᠪᠠᠨ ᠴᠢᠩᠭᠠᠳᠬᠠᠵᠤ᠂ ᠨᠡᠶᠢᠬᠡᠮ ᠤᠨ ᠡᠯ᠎ᠡ ᠡᠳᠡᠭᠡᠳ ᠠᠴᠠ ᠡᠮᠡᠭᠳᠡᠶᠢᠴᠤᠳ ᠬᠡᠦᠬᠡᠳ ᠪᠠᠭᠠᠴᠤᠳ ᠲᠤ ᠪᠤᠳᠠᠳᠠᠢ ᠠᠵᠢᠯ ᠰᠠᠶᠢᠨ ᠠᠵᠢᠯ  ᠬᠢᠵᠦ᠂ ᠡᠮᠡᠭᠳᠡᠶᠢᠴᠤᠳ ᠬᠡᠦᠬᠡᠳ ᠪᠠᠭᠠᠴᠤᠳ ᠲᠤ ᠦᠢᠯᠡᠴᠢᠯᠡᠬᠦ ᠶᠢ ᠲᠦᠯᠬᠢᠨ ᠠᠬᠢᠭᠤᠯᠤᠨ᠎ᠠ᠃    7. ᠡᠯ᠎ᠡ ᠦᠨᠳᠦᠰᠦᠳᠡᠨ ᠤ ᠡᠮᠡᠭᠳᠡᠶᠢᠴᠤᠳ ᠲᠠᠢ ᠬᠠᠷᠢᠴᠠᠭ᠎ᠠ ᠪᠠᠶᠢᠭᠤᠯᠵᠤ᠂ ᠡᠮᠡᠭᠳᠡᠶᠢᠴᠤᠳ ᠤᠨ ᠶᠡᠭᠡ ᠪᠦᠯᠬᠦᠮᠳᠡᠯ ᠢ ᠪᠠᠳᠤᠳᠬᠠᠨ᠂ ᠰᠢᠶᠠᠩᠭᠠᠩ ᠤᠤᠮᠧᠨ ᠪᠠ ᠲᠤᠮᠳᠠᠳᠤ ᠶᠢᠨ ᠬᠠᠷᠢᠶᠠᠳᠤ ᠡᠮᠡᠭᠳᠡᠶᠢᠴᠤᠳ ᠲᠠᠢ ᠨᠦᠬᠦᠷᠯᠡᠯ  ᠢᠶᠠᠨ  ᠴᠢᠩᠭᠠᠳᠬᠠᠵᠤ᠂  ᠡᠬᠡ ᠤᠯᠤᠰ ᠤᠨ ᠨᠢᠬᠡᠳᠦᠯ ᠤᠨ ᠦᠢᠯᠡᠰ ᠢ  ᠠᠬᠢᠭᠤᠯᠤᠨ᠂  ᠲᠡᠯᠡᠬᠡᠢ ᠶᠢᠨ ᠡᠯ᠎ᠡ ᠤᠯᠤᠰ ᠤᠨ ᠡᠮᠡᠭᠳᠡᠶᠢᠴᠤᠳ ᠲᠠᠢ ᠬᠠᠷᠢᠯᠴᠠᠭ᠎ᠠ ᠶᠠᠪᠤᠯᠴᠠᠭ᠎ᠠ᠂ ᠨᠦᠬᠦᠷᠯᠡᠯ ᠪᠦᠯᠬᠦᠮᠳᠡᠯ ᠢᠶᠠᠨ ᠨᠡᠮᠡᠭᠳᠡᠬᠦᠯᠦᠨ᠎ᠡ᠃    8. ᠬᠤᠰᠢᠭᠤ ᠨᠠᠮ ᠵᠠᠰᠠᠭ ᠠᠴᠠ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号