ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/1/29
    ᠠᠶᠢᠮᠠᠭ ᠪᠠ ᠬᠤᠰᠢᠭᠤᠨ ᠤ  ᠲᠠᠷᠢᠶᠠᠯᠠᠩ ᠮᠠᠯ ᠠᠵᠤ ᠠᠬᠤᠢ ᠬᠢᠭᠡᠳ  ᠲᠠᠷᠢᠶᠠᠯᠠᠬᠤ ᠮᠠᠯᠵᠢᠬᠤ ᠤᠷᠤᠨ ᠤ ᠠᠵᠤ ᠠᠬᠤᠢ ᠶᠢᠨ ᠠᠵᠢᠯ ᠤᠨ ᠬᠠᠮᠢᠶᠠᠳᠠᠢ  ᠲᠦᠷᠦ ᠶᠢᠨ ᠪᠤᠳᠤᠯᠭ᠎ᠠ᠂ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂   ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠬᠢᠭᠡᠳ  ᠲᠠᠷᠢᠶᠠᠯᠠᠬᠤ ᠮᠠᠯᠵᠢᠬᠤ ᠤᠷᠤᠨ  ᠤ ᠠᠵᠤ ᠠᠬᠤᠢ ᠶᠢᠨ  ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠲᠤᠮᠳᠠ ᠤᠷᠳᠤ ᠬᠤᠭᠤᠴᠠᠭᠠᠨ ᠤ ᠬᠦᠭᠵᠢᠯᠳᠡ  ᠶᠢᠨ ᠲᠦᠯᠦᠪᠵᠢᠬᠦᠯᠬᠡ᠂ ᠶᠢ ᠰᠤᠳᠤᠯᠤᠨ ᠲᠤᠭᠳᠠᠭᠠᠵᠤ᠂  ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠲᠠᠢ  ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠬᠠᠷᠢᠭᠤᠴᠠᠨ᠂   ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠷᠢᠯᠳᠦᠴᠡ ᠶᠢᠨ ᠲᠤᠬᠢᠷᠠᠭᠤᠯᠤᠯᠳᠠ ᠶᠢ ᠵᠢᠯᠤᠭᠤᠳᠤᠨ ᠬᠢᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠦᠷᠦᠯ ᠤᠨ ᠬᠠᠤᠯᠢ ᠭᠡᠷᠡᠭᠵᠢᠬᠦᠯᠬᠦ ᠠᠵᠢᠯ ᠢ ᠬᠠᠷᠢᠭᠤᠴᠠᠵᠤ᠂  ᠮᠠᠯᠴᠢᠨ ᠲᠠᠷᠢᠶᠠᠴᠢᠨ ᠤ ᠲᠠᠷᠤᠭᠠᠰᠤ ᠶᠢ ᠬᠦᠩᠭᠡᠷᠡᠬᠦᠯᠬᠦ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠭᠰᠡᠨ ᠪᠠ ᠭᠠᠵᠠᠷ  ᠲᠠᠷᠢᠶ᠎ᠠ᠂ ᠨᠤᠳᠤᠭ ᠪᠡᠯᠴᠢᠭᠡᠷ ᠤᠨ ᠲᠠᠭᠠᠭ᠋ᠴᠢᠯᠠᠨ ᠡᠵᠡᠩᠨᠡᠬᠦ ᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ  ᠬᠢᠨᠠᠯᠳᠠ ᠲᠠᠯᠪᠢᠨ᠎ᠠ᠃  ᠮᠠᠯ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠲᠡᠯᠬᠡᠬᠦᠷ ᠤᠨ ᠰᠢᠰᠲ᠋ᠧᠮᠵᠢ ᠶᠢᠨ ᠪᠠᠶᠢᠭᠤᠯᠤᠯᠳᠠ ᠪᠠ ᠬᠦᠭᠵᠢᠯᠳᠡ  ᠶᠢᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ  ᠶᠢ ᠲᠦᠯᠬᠢᠨ  ᠠᠬᠢᠭᠤᠯᠤᠨ᠎ᠠ᠃ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠳᠠ᠂ ᠬᠠᠮᠠᠭᠠᠯᠠᠯᠳᠠ  ᠪᠠ  ᠪᠦᠳᠦᠬᠡᠨ ᠪᠠᠶᠢᠭᠤᠯᠤᠯᠳᠠ ᠶᠢ ᠵᠢᠯᠤᠭᠤᠳᠴᠤ᠂  ︽ᠪᠢᠳᠡᠬᠦᠮᠵᠢᠯᠡᠬᠦ ᠰᠢᠯᠵᠢᠬᠦᠯᠬᠦ︾ ᠪᠠᠶᠢᠯᠳᠤᠬᠤ ᠪᠤᠳᠤᠯᠭ᠎ᠠ ᠶᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ︽ᠮᠠᠯ ᠪᠡᠯᠴᠢᠭᠡᠷ ᠤᠨ ᠲᠩᠴᠡᠬᠦᠷᠢ︾ ᠶᠢᠨ ᠲᠦᠷᠢᠮ ᠪᠠ ᠪᠡᠯᠴᠢᠭᠡᠷᠯᠡᠬᠦᠯᠬᠦ  ᠶᠢ ᠴᠠᠭᠠᠵᠠᠯᠠᠬᠤ᠂ ᠪᠡᠯᠴᠢᠬᠡᠷ ᠰᠡᠷᠬᠦᠭᠡᠬᠦ᠂ ᠰᠡᠯᠬᠦᠨ ᠮᠠᠯᠵᠢᠬᠤ  ᠲᠦᠷᠢᠮ ᠢ ᠱᠠᠭᠠᠷᠳᠠᠨ ᠨᠠᠶᠢᠳᠠᠪᠤᠷᠢᠵᠢᠭᠤᠯᠵᠤ᠂  ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ︽ᠭᠤᠷᠪᠠ  ᠤᠶᠠᠯᠳᠤᠬᠤ︾ ᠶᠢ ᠠᠬᠢᠭᠤᠯᠤᠨ᠂  ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ  ᠨᠡᠶᠢᠬᠡᠮ ᠤᠨ ᠦᠷ᠎ᠡ ᠠᠰᠢᠭ ᠢ ᠨᠢᠬᠡᠳᠦᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠦᠷᠬᠦᠯᠵᠢᠯᠡᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃  ᠮᠠᠯ  ᠤᠨ ᠡᠮ᠂ ᠲᠠᠷᠢᠶᠠᠨ ᠡᠮ᠂  ᠲᠠᠷᠢᠶᠠᠨ ᠦᠷ᠎ᠡ᠂ ᠲᠡᠵᠢᠬᠡᠯ ᠪᠤᠷᠳᠤᠭ᠎ᠠ ᠵᠡᠷᠭᠡ ᠶᠢ ᠬᠢᠨᠠᠨ ᠪᠠᠶᠢᠴᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢ ᠭᠡᠷᠡᠭᠵᠢᠬᠦᠯᠦᠨ᠂   ᠮᠠᠯ ᠲᠠᠷᠢᠶᠠᠯᠠᠩ  ᠤᠨ ᠪᠦᠳᠦᠭᠡᠭᠳᠡᠬᠦᠨ ᠤ ᠶᠠᠰᠤ ᠴᠢᠨᠠᠷ ᠢ ᠬᠢᠨᠠᠨ ᠪᠠᠶᠢᠴᠠᠭᠠᠵᠤ᠂ ᠠᠮᠢᠳᠠᠨ ᠤ ᠬᠢᠵᠢᠭ ᠭᠡᠮ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃  ᠲᠠᠷᠢᠶᠠᠯᠠᠩ ᠮᠠᠯᠵᠢᠯ ᠤᠨ ᠮᠠᠰᠢᠨᠴᠢᠯᠠᠯᠳᠠ ᠶᠢ ᠲᠡᠯᠬᠡᠷᠡᠬᠦᠯᠬᠦ ᠲᠦᠰᠦᠪ ᠲᠦᠯᠦᠪᠯᠡᠭᠡ ᠶᠢ ᠲᠤᠭᠳᠠᠭᠠᠨ᠂ ᠪᠦᠬᠦ ᠬᠤᠰᠢᠭᠤᠨ ᠤ ᠲᠠᠷᠢᠶᠠᠯᠠᠩ ᠮᠠᠯᠵᠢᠯ ᠤᠨ ᠮᠠᠰᠢᠨ ᠲᠦᠬᠦᠭᠡᠷᠦᠮᠵᠢ ᠳᠤ  ᠰᠢᠯᠭᠠᠨ ᠪᠠᠶᠢᠴᠠᠭᠠᠯᠳᠠ ᠬᠢᠵᠦ᠂  ᠲᠠᠩᠰᠠ ᠪᠠᠶᠢᠭᠤᠯᠤᠨ ᠦᠨᠡᠮᠯᠡᠯ ᠤᠯᠭᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号