1. ᠵᠠᠮ ᠬᠠᠷᠢᠯᠴᠠᠭᠠᠨ ᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠣᠯᠢ ᠴᠠᠭᠠᠵᠠ᠂ | ᠲᠦᠷᠢᠮ ᠲᠣᠭᠲᠠᠭᠠᠯ ᠢ ᠲᠤᠤᠱᠯᠠᠭᠤᠯᠤᠨ ᠭᠡᠷᠡᠭᠵᠢᠬᠦᠯᠬᠦ ᠶᠢᠨ ᠬᠠᠮᠲᠤ ᠬᠢᠨᠠᠯᠲᠠ ᠲᠠᠯᠪᠢᠨ᠎ᠡ᠃ ᠬᠤᠰᠢᠭᠤ ᠨᠠᠮ | ᠵᠠᠰᠠᠭ ᠤᠨ ᠬᠦᠨᠳᠦ ᠴᠢᠬᠤᠯᠠ ᠰᠢᠢᠳᠪᠤᠷᠢᠲᠣ ᠪᠤᠳᠤᠯᠭ᠎ᠠ ᠶᠢᠨ ᠪᠠᠶᠢᠷᠢᠰᠢᠭᠤᠯᠣᠯᠲᠠ ᠶᠢ ᠲᠤᠤᠱᠯᠠᠭᠤᠯᠣᠨ᠂ | ᠪᠢᠲᠡᠭᠦᠮᠵᠢᠯᠡᠨ ᠰᠢᠯᠵᠢᠭᠦᠯᠭᠦ᠂ ᠪᠦᠲᠦᠴᠠ ᠶᠢᠨ ᠲᠤᠬᠢᠷᠠᠭᠤᠯᠤᠯᠲᠠ᠂ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠠᠷᠠᠳ ᠤᠨ ᠬᠡᠪ ᠴᠢᠨᠠᠷ ᠤᠨ ᠢᠨᠵᠧᠨᠧᠷᠢᠩ ᠢ | ᠬᠦᠴᠦᠯᠡᠨ ᠠᠬᠢᠭᠤᠯᠵᠤ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠥᠭᠵᠢᠯᠲᠡ ᠳᠤ ᠵᠠᠮ | ᠬᠠᠷᠢᠯᠴᠠᠭᠠᠨ ᠤ ᠪᠠᠲᠤᠯᠠᠭ᠎ᠠ ᠬᠠᠩᠭᠠᠨ᠎ᠠ᠃ | 2. ᠪᠦᠬᠦ ᠬᠤᠰᠢᠭᠤᠨ ᠤ ᠭᠤᠤᠯᠳᠠᠯᠭᠠᠳᠤ ᠠᠵᠢᠯ ᠤᠨ ᠲᠤᠭᠤᠷᠢᠨ ᠳᠤ᠂ ᠶᠡᠭᠡ ᠲᠠᠯ᠎ᠠ ᠳᠤ ᠣᠶᠢᠯᠡᠴᠢᠯᠡᠨ᠂ | ᠪᠤᠳᠠᠲᠠᠢ ᠲᠠᠢ ᠤᠶᠠᠯᠳᠤᠭᠤᠯᠵᠤ᠂ ᠵᠠᠮ ᠬᠠᠷᠢᠯᠴᠠᠭᠠᠨ ᠤ ᠤᠶᠢᠯᠡᠰ ᠤᠨ ᠭᠥᠭᠵᠢᠯᠲᠡ ᠶᠢᠨ ᠲᠥᠯᠥᠪᠯᠡᠭᠡ᠂ | ᠳᠣᠮᠳᠠ ᠣᠷᠲᠣ ᠬᠤᠭᠤᠴᠠᠭᠠᠨ ᠤ ᠲᠥᠯᠥᠪᠵᠢᠭᠦᠯᠭᠡ ᠶᠢ ᠰᠣᠳᠣᠯᠣᠨ ᠳᠣᠭᠲᠠᠭᠠᠵᠤ ᠬᠡᠷᠡᠭᠵᠢᠭᠦᠯᠥᠨ᠎ᠡ᠃ | 3. ᠪᠦᠬᠦ ᠬᠤᠰᠢᠭᠤᠨ ᠤ ᠪᠢᠲᠡᠭᠦᠮᠵᠢᠯᠡᠨ ᠰᠢᠯᠵᠢᠭᠦᠯᠭᠦ᠂ ᠪᠦᠲᠦᠴᠠ ᠶᠢᠨ ᠲᠤᠬᠢᠷᠠᠭᠤᠯᠤᠯᠲᠠ᠂ ᠲᠠᠷᠢᠵᠤ | ᠮᠠᠯᠵᠢᠬᠤ ᠤᠷᠤᠨ ᠲᠤᠭᠤᠷᠢᠭ᠂ ᠠᠵᠦ ᠣᠶᠢᠯᠡᠳᠪᠤᠷᠢ ᠶᠢᠨ ᠤᠷᠤᠨ ᠲᠤᠭᠤᠷᠢᠭ ᠂ ᠬᠤᠲᠠ ᠪᠠᠯᠭᠠᠰᠣᠵᠢᠯᠲᠠ ᠶᠢᠨ | ᠪᠠᠶᠢᠯᠳᠤᠬᠤ ᠪᠣᠳᠣᠯᠭ᠎ᠠ ᠶᠢᠨ ᠵᠠᠮ ᠬᠠᠷᠢᠯᠴᠠᠭᠠᠨ ᠤ ᠬᠡᠷᠡᠭᠴᠡᠭᠡ ᠶᠢ ᠦᠨᠳᠦᠰᠦᠯᠡᠨ᠂ ᠭᠤᠤᠯᠳᠠᠯᠭ᠎ᠠ ᠲᠠᠢ ᠡᠳ᠋ | ᠪᠠᠷᠠᠭ᠎ᠠ ᠶᠢᠨ ᠵᠦᠬᠡᠬᠡᠪᠦᠷᠢ ᠂ ᠠᠶᠠᠨᠴᠢᠨ ᠪᠠ ᠡᠳ᠋ ᠪᠠᠷᠠᠭ᠎ᠠ ᠶᠢᠨ ᠵᠦᠬᠡᠬᠡᠪᠦᠷᠢ ᠶᠢ ᠵᠤᠬᠢᠶᠠᠨ ᠪᠠᠶᠢᠭᠤᠯᠵᠤ | ᠵᠣᠬᠢᠴᠠᠭᠤᠯᠤᠨ᠎ᠠ᠃ | 4. ᠵᠠᠮ ᠬᠠᠷᠢᠯᠴᠠᠭᠠᠨ ᠤ ᠠᠵᠦ ᠣᠶᠢᠯᠡᠰ ᠤᠨ ᠡᠷᠬᠡ ᠲᠡᠭᠰᠢ ᠦᠷᠢᠰᠦᠯᠳᠦᠬᠦ ᠡᠮᠬᠢ ᠳᠢᠭᠯᠢᠮ ᠢ | ᠬᠠᠮᠠᠭᠠᠯᠠᠵᠤ᠂ ᠵᠠᠮ ᠬᠠᠷᠢᠯᠴᠠᠭᠠᠨ ᠤ ᠵᠦᠬᠡᠬᠡᠪᠦᠷᠢ ᠶᠢᠨ ᠠᠵᠦ ᠣᠶᠢᠯᠡᠰ ᠤᠨ ᠵᠣᠬᠢᠴᠠᠩᠭᠤᠢ ᠬᠥᠭᠵᠢᠯᠲᠡ ᠶᠢ | ᠵᠢᠯᠤᠭᠤᠳᠤᠨ᠎ᠠ᠃ | 5. ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠵᠠᠬ᠎ᠠ ᠲᠡᠯᠭᠡᠭᠦᠷ᠂ ᠠᠶᠠᠨᠴᠢᠳ ᠤᠨ ᠵᠥᠭᠡᠭᠡᠪᠦᠷᠢ᠂ ᠮᠠᠰᠢᠨ | ᠲᠡᠷᠭᠡ ᠶᠢ ᠰᠡᠯᠪᠢᠨ ᠵᠠᠰᠠᠬᠤ᠂ ᠵᠢᠯᠣᠭᠤᠴᠢ ᠶᠢᠨ ᠪᠣᠯᠪᠠᠰᠤᠷᠠᠯ ᠵᠡᠷᠭᠡ ᠠᠵᠦ ᠣᠶᠢᠯᠡᠰ ᠤᠨ ᠬᠠᠮᠢᠶᠠᠷᠤᠯᠲᠠ ᠶᠢ | ᠬᠠᠷᠢᠭᠤᠴᠠᠨ᠎ᠠ᠃ | 6. ᠢᠳᠡᠪᠬᠢᠲᠠᠢ ᠪᠠᠷ ᠠᠷᠠᠯᠵᠢᠶᠠᠴᠢᠨ ᠣᠷᠢᠵᠦ ᠪᠡᠯᠡ ᠣᠷᠣᠭᠤᠯᠤᠨ᠂ ᠤᠯᠤᠰ ᠤᠨ ᠲᠤᠳᠤᠷ᠎ᠠ ᠭᠠᠳᠠᠨᠠᠬᠢ ᠪᠡᠯᠡ | ᠮᠥᠩᠭᠦ᠂ ᠮᠡᠷᠭᠡᠵᠢᠯ ᠢ ᠤᠷᠤᠭᠤᠯᠵᠤ᠂ ᠲᠤᠰ ᠬᠤᠰᠢᠭᠤᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ | ᠳᠤ ᠭᠡᠷᠡᠭᠯᠡᠨ᠂ ᠰᠠᠭᠤᠷᠢ ᠲᠥᠬᠦᠭᠡᠷᠡᠮᠵᠢ ᠶᠢᠨ ᠪᠦᠲᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠬᠡᠨ᠂ | ᠪᠦᠬᠦ ᠬᠤᠰᠢᠭᠤᠨ ᠤ ᠠᠵᠦ ᠠᠬᠤᠢ ᠶᠢᠨ ᠬᠥᠭᠵᠢᠯᠲᠡ ᠳᠤ ᠪᠠᠲᠣᠯᠠᠭ᠎ᠠ ᠪᠠ ᠨᠦᠬᠦᠴᠡᠯ ᠬᠠᠩᠭᠠᠨ᠎ᠠ᠃ | 7. ᠵᠠᠮ ᠬᠠᠷᠢᠯᠴᠠᠭᠠᠨ ᠤ ᠣᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠨ ᠬᠢᠵᠦ᠂ ᠵᠠᠰᠠᠮᠠᠯ | ᠵᠠᠮ ᠢ ᠭᠤᠸᠠᠵᠢᠭᠤᠯᠵᠣ᠂ ᠨᠣᠭᠤᠭᠠᠷᠠᠭᠤᠯᠵᠤ᠂ ᠠᠮᠢ ᠠᠬᠤᠢ ᠶᠢᠨ ᠮᠠᠭᠤᠳᠠᠯ ᠢ ᠰᠡᠷᠭᠡᠶᠢᠯᠡᠬᠦ ᠳᠤ ᠬᠤᠪᠢ ᠨᠡᠮᠡᠷᠢ | ᠦᠵᠡᠭᠦᠯᠦᠨ᠎ᠡ᠃ | 8. ᠬᠤᠰᠢᠭᠤ ᠨᠠᠮ ᠵᠠᠰᠠᠭ ᠵᠢᠴᠢ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶᠠᠨ ᠤ ᠲᠣᠰᠢᠶᠠᠭᠰᠠᠨ | ᠪᠣᠰᠣᠳ ᠠᠵᠢᠯ ᠢ ᠪᠡᠶᠡᠯᠡᠬᠦᠯᠦᠨ᠎ᠡ᠃ | | |