ᠵᠠᠬᠢᠳᠠᠯ ᠰᠣᠷᠪᠣᠯᠵᠢᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/1/29
   ᠨᠢᠬᠡ  ᠂ ᠳᠡᠭᠡᠳᠦ ᠱᠠᠳᠣᠨ ᠤ ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠦᠷᠢᠮ ᠲᠣᠭᠳᠠᠭᠠᠯ᠂ ᠴᠢᠭᠯᠡᠯᠳᠠ ᠪᠠ ᠵᠦᠪᠰᠢᠶᠡᠷᠡᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠤᠨ ᠬᠡᠷᠡᠭ ᠶᠠᠪᠤᠳᠠᠯ ᠤᠨ ᠲᠤᠰᠢᠶᠠᠨ ᠰᠢᠢᠳᠪᠦᠷᠢᠯᠡᠬᠦ᠂ ᠱᠠᠭᠠᠷᠲᠠᠨ ᠰᠢᠢᠳᠪᠦᠷᠢᠯᠡᠬᠦ᠂ ᠲᠠᠰᠤᠯᠤᠨ ᠰᠢᠢᠳᠪᠦᠷᠢᠯᠡᠬᠦ ᠵᠡᠷᠬᠡ ᠠᠵᠢᠯ ᠢ ᠬᠦᠢᠴᠡᠳᠭᠡᠨ᠎ᠡ᠃     ᠬᠤᠶᠠᠷ᠂ ᠤᠯᠠᠨ ᠲᠦᠮᠡᠨ ᠤ ᠢᠷᠡᠬᠦᠯᠦᠭᠰᠡᠨ ᠵᠠᠬᠢᠳᠠᠯ᠂  ᠤᠳᠠᠰᠤ᠂ ᠳᠡᠭᠡᠭᠰᠢ ᠰᠣᠷᠪᠣᠯᠵᠢᠯᠠᠭ᠎ᠠ ᠬᠢᠭᠰᠡᠳ ᠤᠨ ᠲᠤᠷᠠᠳᠤᠭᠰᠠᠨ ᠴᠢᠬᠤᠯᠨ ᠠᠰᠠᠭᠤᠳᠠᠯ ᠪᠠ ᠱᠠᠭᠠᠷᠳᠠᠯᠭ᠎ᠠ ᠶᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ  ᠲᠤᠰᠬᠠᠨ᠎ᠠ︔ ᠡᠷᠬᠡᠲᠤ ᠠᠷᠠᠳ᠂ ᠬᠠᠤᠯᠢ ᠶᠢᠨ ᠡᠷᠬᠡᠳᠡᠨ ᠵᠢᠴᠢ ᠪᠤᠰᠤᠳ ᠵᠤᠬᠢᠶᠠᠨ ᠪᠠᠶᠢᠭᠤᠯᠤᠯᠳᠠ ᠠᠴᠠ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠯᠤᠨ ᠤᠳᠤᠷᠢᠳᠤᠯᠭ᠎ᠠ ᠳᠤ ᠢᠷᠡᠬᠦᠯᠦᠭᠰᠡᠨ ᠵᠠᠬᠢᠳᠠᠯ᠂ ᠤᠳᠠᠰᠤ ᠶᠢ ᠬᠠᠷᠢᠭᠤᠴᠠᠨ ᠰᠢᠢᠳᠪᠦᠷᠢᠯᠡᠵᠤ᠂ ᠤᠯᠠᠨ ᠲᠦᠮᠡᠨ ᠤ ᠰᠣᠷᠪᠣᠯᠵᠢᠯᠠᠭ᠎ᠠ ᠶᠢ ᠬᠦᠯᠢᠶᠡᠨ ᠠᠪᠴᠦ ᠰᠢᠢᠳᠪᠦᠷᠢᠯᠡᠨ᠎ᠡ᠃     ᠭᠤᠷᠪᠠ᠂ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨᠴᠢ ᠬᠡᠷᠡᠭ ᠶᠠᠪᠤᠳᠠᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠬᠡᠷ ᠤᠨ ᠠᠵᠢᠯ ᠢ ᠬᠠᠷᠢᠭᠤᠴᠠᠨ ᠰᠢᠢᠳᠪᠦᠷᠢᠯᠡᠵᠤ᠂ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠳᠤ ᠵᠤᠬᠢᠴᠠᠭᠤᠯᠭ᠎ᠠ ᠬᠢᠵᠤ᠂ ᠵᠤᠬᠢᠴᠠᠭᠤᠯᠤᠨ ᠬᠠᠮᠵᠢᠯᠴᠠᠬᠤ ᠪᠠᠶᠢᠭᠤᠯᠤᠮᠵᠢ ᠶᠢᠨ ᠲᠦᠷᠢᠮ ᠢ ᠵᠢᠯᠤᠭᠤᠳᠤᠨ ᠲᠡᠬᠦᠯᠳᠡᠷᠵᠢᠬᠦᠯᠦᠨ᠎ᠡ︔ ᠬᠠᠮᠳᠤᠷᠠᠭᠰᠠᠨ ᠬᠤᠷᠠᠯ ᠤᠨ ᠲᠤᠭᠳᠠᠭᠠᠭᠰᠠᠨ ᠶᠠᠪᠤᠳᠠᠯ ᠤᠳ ᠢ ᠬᠢᠨᠠᠨ ᠱᠠᠭᠠᠷᠳᠠᠵᠤ ᠨᠠᠶᠢᠳᠠᠪᠤᠷᠢᠵᠢᠭᠤᠯᠬᠤ᠂ ᠰᠣᠮᠣ ᠰᠢᠶᠠᠩ ᠪᠠᠯᠭᠠᠰᠣ ᠪᠠ ᠡᠯ᠎ᠠ ᠰᠠᠯᠠᠭ᠎ᠠ ᠮᠦᠴᠢᠷ ᠤᠨ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨᠴᠢ ᠴᠢᠨᠠᠷ ᠲᠠᠢ ᠬᠡᠷᠡᠭ ᠶᠠᠪᠤᠳᠠᠯ ᠢ ᠶᠡᠷᠦᠩᠬᠡᠶᠢᠯᠡᠨ ᠵᠠᠳᠠᠯᠵᠤ ᠵᠤᠬᠢᠶᠠᠨ ᠪᠠᠶᠢᠭᠤᠯᠵᠦ ᠵᠤᠬᠢᠴᠠᠭᠤᠯᠣᠨ ᠰᠢᠢᠳᠪᠦᠷᠢᠯᠡᠬᠦ ᠪᠠ ᠱᠠᠭᠠᠷᠳᠠᠨ ᠪᠠᠶᠢᠴᠠᠭᠠᠬᠤ ᠠᠵᠢᠯ  ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠬᠤ᠂ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠲᠡᠯᠭᠡᠷᠡᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠯᠢᠳᠡᠭᠵᠢᠬᠦᠯᠬᠦ ᠪᠠ ᠴᠢᠩᠭᠠᠳᠬᠠᠬᠤ ᠰᠠᠨᠠᠭᠤᠯᠭ᠎ᠠ ᠶᠢ ᠲᠤᠷᠠᠳᠤᠨ᠎ᠠ᠃     ᠲᠦᠷᠪᠡ᠂  ᠬᠤᠰᠢᠭᠤᠨ ᠤ ᠤᠳᠤᠷᠢᠳᠤᠯᠭ᠎ᠠ ᠶᠢᠨ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠶᠠᠪᠤᠳᠠᠯ ᠤᠳ ᠢ ᠵᠤᠬᠢᠴᠠᠭᠤᠯᠵᠤ᠂ ᠬᠢᠨᠠᠨ ᠵᠢᠯᠤᠭᠤᠳᠴᠦ᠂ ᠰᠢᠢᠳᠪᠦᠷᠢᠯᠡᠬᠦ ᠶᠢᠨ ᠬᠠᠮᠳᠤ ᠰᠠᠶᠢᠳᠤᠷ ᠠᠳᠬᠤᠨ ᠨᠠᠶᠢᠳᠠᠪᠤᠷᠢᠵᠢᠭᠤᠯᠤᠨ᠎ᠠ︔  ᠰᠣᠮᠣ ᠰᠢᠶᠠᠩ ᠪᠠᠯᠭᠠᠰᠣ ᠪᠠ ᠡᠯ᠎ᠠ ᠰᠠᠯᠠᠭ᠎ᠠ ᠮᠦᠴᠢᠷ ᠤᠨ ᠲᠠᠮᠵᠢᠭᠤᠯᠤᠨ ᠰᠢᠢᠳᠪᠦᠷᠢᠯᠡᠬᠦᠯᠦᠭᠰᠡᠨ᠂ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ  ᠤᠳ ᠢ ᠬᠠᠷᠢᠭᠤᠴᠠᠵᠤ᠂ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠨ᠎ᠠ︔ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠤᠬᠢᠴᠠᠭᠤᠯᠬᠤ᠂ ᠱᠠᠭᠠᠷᠳᠠᠨ ᠪᠠᠶᠢᠴᠠᠭᠠᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃       ᠲᠠᠪᠤ᠂ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠬᠢ ᠶᠢ ᠶᠡᠷᠦᠩᠬᠡᠶᠢᠯᠡᠨ ᠵᠠᠳᠠᠯᠵᠤ᠂ ᠪᠠᠶᠢᠴᠠᠭᠠᠡ ᠰᠤᠳᠤᠯᠤᠯᠳᠡ ᠬᠢᠵᠦ᠂ ᠬᠠᠮᠢᠶ᠎ᠠ ᠪᠦᠬᠦᠢ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠢ ᠲᠤᠭᠳᠠᠭᠠᠬᠤ ᠂ ᠵᠠᠰᠠᠪᠤᠷᠢ ᠤᠷᠤᠭᠤᠯᠬᠤ᠂ ᠲᠡᠬᠦᠯᠳᠡᠷᠵᠢᠬᠦᠯᠬᠦ ᠰᠠᠨᠠᠭᠤᠯᠭ᠎ᠠ ᠶᠢ ᠲᠤᠷᠠᠳᠤᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠱᠠᠭᠠᠷᠳᠠᠨ ᠪᠠᠶᠢᠴᠠᠭᠠᠬᠤ᠂ ᠡᠶᠡᠳᠡᠬᠦᠯᠬᠦ ᠪᠠ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠬᠢ ᠶᠢ ᠴᠤᠭᠯᠠᠭᠤᠯᠵᠤ ᠵᠠᠳᠠᠯᠤᠯᠳᠠ ᠬᠢᠬᠦ ᠠᠵᠢᠯ ᠢ ᠦᠷᠨᠢᠬᠦᠯᠵᠤ᠂  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠷᠢᠳᠴᠢᠯᠠᠨ ᠮᠠᠲᠠᠬᠦ ᠴᠢᠨᠠᠷ ᠪᠤᠯᠤᠨ ᠬᠠᠨᠲᠤᠯᠭᠠᠲᠤ ᠴᠢᠨᠠᠷ ᠢ ᠨᠡᠮᠡᠭᠳᠡᠬᠦᠯᠦᠨ᠎ᠡ᠃    ᠵᠢᠷᠭᠤᠭ᠎ᠠ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠴᠤ ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠶᠢ ᠰᠠᠶᠢᠳᠤᠷ  ᠠᠳᠬᠤᠨ  ᠂ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ  ᠤᠨ ᠡᠩᠨᠡᠬᠡᠨ ᠤ ᠪᠤᠯᠪᠠᠰᠤᠷᠠᠯ ᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃      ᠲᠤᠯᠤᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠯᠤᠨ ᠳᠡᠭᠡᠳᠦ ᠱᠠᠳᠣᠨ ᠤ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶᠠᠨ ᠤ ᠲᠤᠰᠢᠶᠠᠵᠤ ᠰᠢᠢᠳᠪᠦᠷᠢᠯᠡᠬᠦᠯᠦᠭᠰᠡᠨ ᠪᠤᠰᠤᠳ ᠶᠠᠪᠤᠳᠠᠯ ᠤᠳ ᠢ ᠬᠦᠢᠴᠡᠳᠭᠡᠨ᠎ᠡ
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号