2023 ᠤᠨ ᠤ ᠠᠵᠢᠯ ᠤᠨ ᠡᠷᠭᠢᠴᠡᠭᠦᠯᠦᠯ — ᠨᠢᠭᠡ
ᠨᠡᠶᠢᠲᠡᠯᠡᠭᠰᠡᠨ ᠴᠠᠭ᠄
2024/1/29
   ᠲᠣᠭᠲᠠᠭᠤᠨ ᠪᠠᠶᠢᠯᠭᠠᠬᠤ ᠶᠢᠨ ᠲᠠᠭᠠᠤ ᠤᠷᠤᠭᠰᠢ ᠠᠬᠢᠭᠤᠯᠬᠤ ᠶᠢ ᠪᠠᠷᠢᠮᠳᠠᠯᠠᠵᠤ  ᠂ ᠬᠥᠭᠵᠢᠯᠲᠡ ᠶᠢᠨ ᠰᠠᠭᠤᠷᠢ  ᠶᠢ ᠤᠯᠠᠮ ᠪᠠᠬᠢᠵᠢᠬᠦᠯᠪᠡ᠃  ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠲᠤᠭᠳᠠᠪᠤᠷᠢᠵᠢᠵᠤ ᠴᠢᠨᠠᠷ ᠰᠠᠶᠢᠵᠢᠷᠠᠭᠰᠠᠨ᠃  ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠤᠭᠠᠳ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ 97.7 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠶᠡᠷᠦᠩᠬᠡᠢ ᠤᠨᠠᠯᠲᠠ 32 ᠲᠦᠮᠡᠨ ᠲᠣᠨ ᠳᠤ ᠬᠥᠷᠪᠡ᠃ ᠲᠠᠷᠢᠶᠠᠨ ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 5.4 ᠲᠦᠮᠡᠨ ᠮᠦ  ᠲᠠᠷᠢᠶᠠᠨ ᠭᠠᠵᠠᠷ ᠢ ᠮᠠᠰᠢᠨ ᠮᠧᠬᠠᠨᠢᠭ ᠢᠶᠠᠷ ᠰᠤᠯᠠᠯᠠᠨ ᠲᠡᠭᠰᠢᠯᠡᠪᠡ᠃ ᠴᠢᠨᠠᠷ ᠰᠠᠶᠢᠲᠠᠢ ᠠᠰᠢᠭ ᠶᠡᠬᠡᠳᠡᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 2 ᠲᠣᠰᠬᠤᠨ ᠢ ᠥᠨᠳᠥᠷ  ᠤᠨᠠᠯᠳᠠᠳᠤ ᠮᠡᠷᠭᠡᠵᠢᠯ ᠤᠨ ᠵᠢᠱᠢᠶ᠎ᠡ ᠦᠵᠡᠭᠦᠯᠬᠦ ᠴᠡᠭ ᠪᠤᠯᠭᠠᠨ᠂ ᠲᠥᠮᠥᠰᠥ᠂ ᠬᠤᠮᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ 2᠂  ᠪᠣᠬᠢᠷᠲᠤᠯ ᠦᠭᠡᠢ ᠴᠢᠨᠠᠷ ᠰᠠᠶᠢᠲᠠᠢ ᠠᠰᠢᠭ ᠶᠡᠭᠡᠳᠡᠢ ᠲᠦᠮᠡᠨ ᠮᠦ ᠶᠢᠨ ᠲᠦᠮᠦᠰᠦ ᠲᠠᠷᠢᠬᠤ ᠲᠠᠯᠠᠪᠠᠢ 2  ᠂ ᠮᠢᠩᠭᠠᠨ ᠮᠦ ᠶᠢᠨ ᠲᠠᠯᠠᠪᠠᠢ 16  ᠂ ᠵᠠᠭᠤᠨ ᠮᠦ ᠶᠢᠨ ᠲᠠᠯᠠᠪᠠᠢ 5 ᠶᠢ ᠪᠠᠶᠢᠭᠤᠯᠵᠤ᠂  ᠲᠦᠮᠦᠰᠦᠨ ᠤ ᠲᠠᠯᠠᠪᠠᠶ ᠨᠢᠭᠡᠴᠢ ᠶᠢᠨ ᠤᠨᠠᠯᠲᠠ 5600 ᠺᠢᠯᠣᠭ᠍ᠷᠠᠮ  ᠲᠠᠪᠠᠵᠠᠢ᠃ ᠬᠠᠰᠢᠶᠠᠯᠠᠨ ᠮᠠᠯᠵᠢᠬᠤ ᠶᠢ ᠶᠡᠬᠡᠪᠡᠷ ᠳᠡᠯᠭᠡᠷᠡᠭᠦᠯᠵᠦ᠂ ᠮᠢᠬᠠᠨ ᠤ ᠦᠬᠡᠷ 15.1 ᠲᠦᠮᠡᠨ ᠲᠣᠯᠣᠭᠠᠢ᠂   ᠰᠠᠶᠢᠨ ᠡᠭᠦᠯᠳᠡᠷ ᠤᠨ ᠦᠨᠢᠶ᠎ᠡ  9 ᠲᠦᠮᠡᠨ ᠲᠤᠯᠤᠭᠠᠢ ᠳᠤ ᠬᠦᠷᠦᠭᠰᠡᠨ ᠪᠦᠭᠡᠳ   8.4 ᠲᠦᠮᠡᠨ  ᠮᠢᠬᠠᠨ ᠤ ᠦᠬᠡᠷ᠂ 1014 ᠰᠠᠭᠠᠯᠢ ᠶᠢᠨ ᠦᠨᠢᠶ᠎ᠡ ᠳᠤ ᠢᠴᠢᠭᠡᠯ ᠦᠷ᠎ᠡ ᠶᠢᠨ ᠬᠡᠬᠡᠯᠳᠦᠬᠦᠯᠭᠡ ᠬᠢᠵᠦ᠂  ᠬᠡᠭᠡᠯᠲᠦᠭᠰᠡᠨ ᠨᠣᠷᠮ᠎ᠠ 90%   ᠶᠢ ᠲᠠᠪᠠᠭᠰᠠᠨ ᠪᠠᠶᠢᠨ᠎ᠠ᠃  ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ 5.7 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠰᠠᠷᠠᠪᠴᠢ ᠶᠢ ᠰᠢᠨ᠎ᠡ ᠪᠠᠷ ᠪᠠᠶᠢᠭᠤᠯᠤᠨ᠂ 1000  ᠬᠠᠪᠳᠠᠭᠠᠢ ᠳᠥᠷᠪᠡᠯᠵᠢᠨ ᠮᠧᠲᠷ ᠳᠤᠯᠠᠭᠠᠨ ᠰᠠᠷᠠᠪᠴᠢ᠂ 5.1 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 4.9 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠃  ᠲᠠᠷᠢᠶᠠᠯᠠᠩ ᠮᠠᠯ ᠠᠵᠤ ᠠᠬᠤᠢ ᠶᠢᠨ ᠭᠡᠪᠴᠢᠶᠡᠵᠢᠭᠰᠡᠨ ᠬᠦᠭᠵᠢᠯᠳᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 2᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 163 ᠶᠢ ᠰᠢᠨ᠎ᠡ ᠪᠠᠷ  ᠪᠤᠶᠢᠵᠢᠭᠤᠯᠤᠭᠠᠳ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ  10᠂  ᠲᠤᠰᠬᠠᠢ ᠬᠤᠷᠰᠢᠶᠠᠵᠢᠯ  429  ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1450 ᠪᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠡᠰ ᠳᠠᠪᠰᠢᠵᠤ ᠬᠡᠯᠪᠡᠷᠢ ᠬᠤᠪᠢᠷᠠᠭᠰᠠᠨ᠃ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠠᠵᠢᠯᠯᠠᠭ᠎ᠠ ᠶᠢ ᠭᠦᠨᠵᠡᠭᠡᠢ  ᠭᠡᠷᠡᠭᠵᠢᠬᠦᠯᠦᠨ᠂ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠥᠷᠲᠡᠭ ᠦᠷᠭᠦᠯᠵᠢᠯᠡᠨ ᠨᠡᠮᠡᠭᠳᠡᠭᠡᠳ᠂ 29.1 ᠳ᠋ᠦᠩᠰᠢᠭᠤᠷ ᠲᠥᠭᠦᠷᠢᠭ ᠦᠢᠯᠡᠳᠪᠦᠷᠢᠯᠡᠯ ᠤᠨ ᠥᠷᠲᠡᠭ ᠢ  ᠪᠡᠶᠡᠯᠡᠭᠦᠯᠵᠦ᠂ 8.3% ᠪᠠᠷ ᠨᠡᠮᠡᠭᠳᠡᠪᠡ᠃  ᠵᠢᠩ ᠴᠧᠩ ᠴᠠᠬᠢᠯᠭᠠᠨ ᠤᠳᠠᠰᠤ ᠴᠠᠬᠢᠯᠭᠠᠨ ᠳᠡᠭᠡᠰᠦ ᠦᠢᠯᠡᠳᠬᠦ ᠲᠦᠷᠦᠯ ᠵᠦᠢᠯ᠂  ᠰᠧᠨ ᠴᠢᠶᠠ ᠠᠮᠢᠳᠤ ᠪᠣᠳᠠᠰ ᠤᠨ ᠬᠠᠲᠠᠭᠤ ᠪᠡᠶᠡᠲᠦ ᠲᠦᠯᠡᠰᠢ  ᠪᠠ ᠲᠡᠵᠢᠭᠡᠯ ᠪᠣᠷᠳᠤᠭ᠎ᠠ ᠡᠳ᠋ᠰᠢᠭᠦᠯᠬᠦ ᠲᠥᠷᠥᠯ ᠵᠦᠢᠯ ᠨᠢ ᠠᠰᠢᠭᠯᠠᠯᠲᠠ ᠳᠤ ᠤᠷᠤᠵᠤ᠂  ᠵᠢᠶᠦ᠋ᠨ ᠷᠦᠢ ᠪᠠᠯ ᠴᠢᠯᠠᠭᠤ ᠪᠤᠯᠪᠠᠰᠤᠷᠠᠭᠤᠯᠬᠤ ᠲᠦᠷᠦᠯ ᠵᠦᠢᠯ᠂ ᠵᠥᠩ ᠾᠦᠢ ᠰᠠᠯᠬᠢᠨ ᠰᠠᠩᠰᠠᠨ  ᠤ  ᠲᠦᠬᠦᠭᠡᠷᠦᠮᠵᠢ ᠦᠢᠯᠡᠳᠪᠦᠷᠢᠯᠡᠬᠦ ᠲᠥᠷᠥᠯ ᠵᠦᠢᠯ ᠨᠢ ᠦᠢᠯᠡᠳᠪᠦᠷᠢᠯᠡᠯ ᠤᠨ ᠨᠥᠬᠦᠴᠡᠯ  ᠪᠦᠷᠢᠯᠳᠦᠬᠦᠯᠵᠦ᠂  ᠺᠠᠢ ᠳ᠋ᠠ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠨᠠᠷᠢᠯᠢᠭ ᠭᠦᠨᠵᠡᠭᠡᠢ ᠡᠳ᠋ᠰᠢᠭᠦᠯᠬᠦ ᠲᠦᠷᠦᠯ ᠵᠦᠢᠯ᠂  ᠠᠵᠤ ᠦᠢᠯᠡᠳᠪᠦᠷᠢ ᠶᠢᠨ ᠲᠣᠭᠤᠷᠢᠭ ᠤᠨ ᠪᠤᠬᠢᠷᠳᠤᠯ ᠦᠬᠡᠢ ᠴᠠᠬᠢᠯᠭᠠᠨ ᠤ ᠲᠦᠷᠦᠯ ᠵᠦᠢᠯ᠂  ᠹᠦ᠋ ᠱᠢ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ ᠬᠤᠸᠠ ᠬᠤᠶ ᠵᠢᠯ ᠳᠤ 6 ᠲᠦᠮᠡᠨ ᠲᠣᠨ ᠴᠠᠪᠠᠤ ᠭᠤᠮ ᠦᠢᠯᠡᠳᠪᠦᠷᠢᠯᠡᠬᠦ ᠲᠦᠷᠦᠯ ᠵᠦᠢᠯ᠂ ᠮᠧᠩ ᠴᠠᠩ ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ ᠲᠦᠷᠦᠯ ᠵᠦᠢᠯ᠂  ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ  ᠤᠨ ᠪᠦᠳᠦᠭᠡᠨ ᠪᠠᠶᠢᠭᠤᠯᠤᠯᠳᠠ ᠲᠦᠷᠭᠡᠰᠦᠨ ᠂  ᠬᠤᠸᠠ ᠷᠦᠨ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠵᠦᠩ ᠾᠧ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ ᠬᠡᠯᠪᠡᠷᠢ ᠶᠢᠨ  ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠱᠧᠨ ᠨᠧᠩ  1.44 ᠰᠠᠶ᠎ᠠ ᠸᠠᠲ ᠤᠨ ᠬᠡᠷᠡᠯ ᠴᠡᠨᠡᠭ ᠤᠨ ᠲᠦᠷᠦᠯ ᠵᠦᠢᠯ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ᠂  ᠴᠠᠭᠠᠰᠤ ᠰᠦᠯᠢᠶᠥᠦ ᠶᠢᠨ ᠲᠣᠭᠤᠷᠢᠭ ᠤᠨ ᠬᠠᠶᠠᠭᠳᠠᠮᠠᠯ ᠤᠰᠤ ᠰᠢᠢᠳᠪᠦᠷᠢᠯᠡᠬᠦ ᠥᠷᠲᠡᠭᠡ ᠠᠰᠢᠭᠯᠠᠯᠲᠠ ᠳᠤ ᠣᠷᠣᠵᠤ ᠂ ᠴᠠᠬᠢᠯᠭᠠᠨ ᠬᠦᠴᠦᠨ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠴᠡᠪᠡᠷᠰᠢᠬᠦᠯᠬᠦ ᠵᠡᠷᠭᠡ ᠶᠢᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠬᠦ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠠᠵᠢᠯ ᠡᠬᠢᠯᠡᠭᠡᠳ᠂  ᠤᠷᠤᠨ ᠲᠣᠭᠤᠷᠢᠭ ᠤᠨ ᠦᠨᠳᠦᠰᠦᠨ ᠴᠢᠳᠠᠮᠵᠢ  ᠤᠯᠠᠮ ᠲᠡᠬᠦᠯᠳᠡᠷᠵᠢᠵᠦ᠂  ᠲᠠᠭᠠᠭᠠᠴᠠ ᠴᠢᠳᠠᠪᠤᠷᠢ  ᠲᠠᠰᠤᠷᠠᠯᠲᠠ ᠦᠭᠡᠢ  ᠲᠡᠭᠡᠭᠰᠢᠯᠡᠪᠡ᠃  ︽ᠲᠠᠯ᠎ᠠ ᠨᠤᠳᠤᠭ ᠤᠨ ᠸᠠᠩ︾ ᠬᠠᠷ᠎ᠠ ᠠᠷᠢᠬᠢ ᠨᠢ ᠤᠯᠤᠰ ᠤᠨ ᠲᠦᠷᠦᠬᠦᠦ ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ ᠪᠠᠯᠭᠠᠰᠤᠨ︾   ᠤ ᠲᠠᠸᠠᠷ ᠤᠨ ᠨᠡᠷᠡᠳᠦ ᠲᠡᠮᠳᠡᠭ ᠤᠨ ᠦᠨ᠎ᠡ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠵᠤ᠂ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠨᠢ ᠪᠥᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠬᠡᠷᠡᠭᠯᠡᠭᠡᠨ ᠤ ᠰᠢᠯᠢᠳᠡᠭ ᠠᠵᠤ ᠠᠬᠤᠶᠢᠯᠠᠯ ᠢᠶᠠᠷ ᠰᠣᠩᠭᠤᠭᠳᠠᠨ᠂ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠨᠢ ᠪᠥᠬᠦ ᠠᠶᠢᠮᠠᠭ ᠤᠨ ︽ᠲᠤᠰᠬᠠᠢ ᠨᠠᠷᠢᠯᠢᠭ ᠣᠨᠴᠠ ᠰᠢᠨ᠎ᠡ︾   ᠶᠢᠨ ᠰᠢᠯᠢᠳᠡᠭ ᠠᠵᠤ ᠠᠬᠤᠶᠢᠯᠠᠯ ᠢᠶᠠᠷ  ᠰᠤᠩᠭᠤᠭᠳᠠᠵᠤ᠂ ᠪᠤᠤᠴᠠᠩ ᠤᠨ ᠠᠵᠤ ᠦᠢᠯᠡᠰ ᠤᠨ ᠬᠦᠷᠢᠶᠡᠯᠡᠩ ᠨᠢ ᠪᠥᠬᠦ ᠠᠶᠢᠮᠠᠭ ᠤᠨ ᠰᠢᠯᠢᠳᠡᠭ ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠦᠨᠡᠯᠡᠭᠳᠡᠨ᠂ 1 ᠡᠷᠦᠬᠡ ᠠᠭᠤᠷᠬᠠᠢ ᠶᠢᠨ ᠠᠵᠤ ᠠᠬᠤᠶᠢᠯᠠᠯ ᠨᠢ ᠪᠥᠬᠦ ᠠᠶᠢᠮᠠᠭ ᠤᠨ ᠲᠤᠭ᠎ᠠ ᠪᠦᠷᠢᠳᠭᠡᠯ ᠳᠤ ᠤᠷᠤᠭᠤᠯᠬᠤ ᠰᠢᠯᠢᠳᠡᠭ ᠠᠵᠤ ᠠᠬᠤᠶᠢᠯᠠᠯ ᠢᠶᠠᠷ ᠦᠨᠡᠯᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠬᠦᠭᠵᠢᠭᠰᠡᠨ᠃ ᠪᠥᠬᠦ ᠵᠢᠯ ᠳᠤ 32 ᠲᠦᠮᠡᠨ ᠵᠢᠭᠤᠯᠴᠢᠯᠠᠭᠴᠢ ᠶᠢ ᠤᠭᠳᠤᠨ ᠵᠤᠴᠢᠯᠠᠵᠤ᠂ ᠵᠢᠭᠤᠯᠴᠢᠯᠠᠯ ᠤᠨ ᠬᠡᠷᠡᠭᠯᠡᠭᠡ ᠶᠢ ᠲᠠᠶᠢᠴᠢᠯᠠᠵᠤ  1.2 ᠳ᠋ᠦᠩᠰᠢᠭᠤᠷ ᠲᠥᠭᠦᠷᠢᠭ ᠲᠤ ᠬᠦᠷᠭᠡᠵᠡᠢ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠲᠥᠪ᠂  ᠵᠢᠭᠤᠯᠴᠢᠯᠠᠭᠴᠢᠳ ᠢ ᠲᠥᠪᠯᠡᠷᠡᠭᠦᠯᠦᠨ ᠲᠠᠷᠬᠠᠭᠠᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂  ᠳ᠋ᠦᠩ ᠵᠢᠶᠤᠤ ᠪᠥᠬᠦ ᠠᠷᠠᠳ  ᠢᠶᠠᠷ ᠢᠶᠠᠨ ᠴᠢᠭᠢᠷᠠᠭᠵᠢᠬᠤ ᠬᠦᠳᠡᠯᠪᠦᠷᠢ ᠶᠢᠨ ᠲᠥᠪ ᠤᠨ ᠭᠤᠣᠯ ᠴᠣᠭᠴᠠ ᠶᠢᠨ ᠪᠠᠷᠢᠯᠭ᠎ᠠ ᠦᠨᠳᠦᠰᠦᠨ ᠳᠡᠭᠡᠨ ᠠᠵᠢᠯ ᠲᠠᠭᠤᠰᠴᠤ᠂  ᠠᠳᠤᠭᠤᠳᠤ  ᠪᠠᠯᠭᠠᠰᠤᠨ ᠤ ᠠᠮᠠᠷᠠᠯᠲᠠ ᠵᠢᠭᠤᠯᠴᠢᠯᠠᠯ ᠤᠨ ᠣᠷᠣᠨ ᠠᠰᠢᠭᠯᠠᠯᠲᠠ ᠳᠤ ᠣᠷᠣᠵᠤ ᠂  ᠬᠠᠭᠠᠨ ᠤ ᠠᠳᠤᠭᠤᠨ ᠵᠤᠰᠠᠭᠠᠯ ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ   ᠤᠨ ᠲᠥᠷᠥᠯ ᠵᠦᠢᠯ ᠵᠡᠷᠭᠡ ᠨᠢ ᠯᠠᠪᠳᠠᠭᠤᠨ ᠢᠶᠠᠷ ᠠᠬᠢᠵᠠᠢ᠃ ︽ ᠪᠠᠶᠠᠰᠤᠯᠳᠤ ᠬᠤᠷᠸ᠎ᠠ︾ ᠰᠤᠶᠤᠯ ᠤᠨ ᠰᠤᠯᠢᠯᠴᠠᠭᠠᠨ ᠤ ᠴᠤᠭᠯᠠᠭᠠᠨ᠂ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠳᠠᠭᠤᠤ ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂  ᠶᠠᠩ ᠭᠤᠸᠠᠩ ᠭᠸᠦ ᠡᠤ ᠰᠤᠪᠠᠭ ᠤᠨ ᠡᠳ᠋ ᠪᠠᠷᠠᠭᠠᠨ ᠤ ᠬᠤᠳᠠᠯᠳᠤᠭ᠎ᠠ  ᠂ ᠰᠢᠯᠢ ᠶᠢᠨ ᠭᠤᠣᠯ ᠠᠶᠢᠮᠠᠭ ᠤᠨ ᠠᠷᠪᠠᠨ ᠵᠢᠷᠭᠤᠳᠤᠭᠠᠷ ᠬᠤᠭᠤᠴᠠᠭᠠᠨ ᠤ  ᠮᠤᠩᠭᠤᠯ ᠪᠥᠬᠡ ᠶᠢᠨ ᠴᠤᠯᠠ ᠤᠯᠭᠤᠬᠤ ᠨᠠᠶᠢᠷ  ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠵᠡᠷᠭᠡ ᠰᠣᠶᠣᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ ᠡᠷᠭᠢᠯᠡᠵᠦ᠂ ︽ ᠼᠦᠩ ᠯᠢ ᠳᠤ ᠨᠠᠭᠠᠳᠤᠭᠠᠳ ᠲᠠᠶᠢᠹᠤᠰᠧ ᠳᠤ  ᠵᠢᠭᠤᠯᠴᠢᠯᠠᠬᠤ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠴᠤᠭᠯᠠᠭᠠᠨ ᠵᠢᠴᠢ ᠰᠢᠷᠢᠰ ᠠᠵᠢᠯᠯᠠᠭ᠎ᠠ ᠶᠢ ᠡᠬᠢᠯᠡᠭᠦᠯᠪᠡ᠃  ᠲᠠᠶᠢᠹᠤᠰᠧ ᠨᠤᠳᠤᠭ ᠤᠨ ᠪᠤᠳᠠᠰ ᠤᠨ ᠪᠤᠰᠤ ᠰᠣᠶᠣᠯ ᠤᠨ ᠥᠪ ᠤᠨ ᠨᠢᠬᠡ ᠪᠤᠯᠬᠤ  ᠶᠢᠦᠮᠠᠢ ᠶᠢᠨ ᠭᠤᠯᠢᠷ ᠤᠨ ᠠᠮᠲᠠᠲᠤ ᠢᠳᠡᠭᠡᠨ ᠨᠢ ᠲᠥᠪ ᠲᠧᠯᠸᠢᠰ ᠤᠨ ︽ᠮᠢᠩᠭᠠᠨ ᠵᠢᠯ ᠤᠨ ᠠᠮᠲᠠᠲᠤ ᠬᠤᠭᠤᠯᠠ︾ ᠪᠤᠯᠤᠩ ᠳᠤ ᠰᠣᠩᠭᠤᠭᠳᠠᠨ ᠣᠷᠣᠵᠤ᠂ ︽ ᠴᠡᠴᠡᠭ ᠤᠨ ᠬᠦᠷᠢᠶᠡᠯᠡᠩ  ᠤᠨ ᠵᠢᠷᠭᠠᠯᠲᠤ  ᠪᠤᠯᠵᠤᠭ᠎ᠠ︾ ᠠᠮᠠᠷᠠᠯᠲᠠ ᠶᠢᠨ ᠠᠶᠠᠯᠠᠯ ᠨᠢ ︽ᠥᠪᠥᠷ ᠮᠣᠩᠭᠤᠯ ᠤᠨ ᠳᠥᠷᠪᠡᠨ ᠤᠯᠠᠷᠢᠯ ᠤᠨ ᠪᠡᠶᠡᠴᠢᠯᠡᠨ ᠤᠶᠢᠯᠠᠭᠠᠬᠤ  ᠬᠡᠯᠪᠡᠷᠢᠳᠦ ᠵᠢᠭᠤᠯᠴᠢᠯᠠᠯ ᠤᠨ ᠪᠦᠳᠦᠭᠡᠭᠳᠡᠬᠦᠨ︾ ᠳᠤ ᠰᠣᠩᠭᠤᠭᠳᠠᠨ ᠤᠷᠤᠭᠰᠠᠨ ᠪᠦᠭᠡᠳ  ︽ᠠᠳᠤᠭᠤᠳᠤ ᠪᠠᠯᠭᠠᠰᠤ︾ ᠠᠮᠠᠷᠠᠯᠲᠠ ᠵᠢᠭᠤᠯᠴᠢᠯᠠᠯ ᠤᠨ ᠣᠷᠣᠨ ᠨᠢ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂  ︽ ᠶᠢᠨ ᠬᠠᠢ︾  ᠬᠠᠳᠠᠭᠠᠭᠰᠠᠨ ᠪᠤᠷᠴᠠ᠂  ︽ᠲᠠᠯ᠎ᠠ ᠶᠢᠨ ᠸᠠᠩ︾  53 ᠭᠷᠡᠳᠦ᠋ᠰ ᠤᠨ ᠬᠠᠷ᠎ᠠ ᠠᠷᠢᠬᠢ᠂ ᠬᠤᠩ ᠵᠢᠩ ᠶᠤᠸᠠᠨ ᠶᠠᠮᠠ ᠶᠢᠨ ᠦᠷ᠎ᠡ ᠶᠢᠨ ᠲᠣᠰᠣᠨ ᠤ ᠰᠢᠷᠢᠰ ᠪᠦᠲᠦᠭᠡᠭᠳᠡᠬᠦᠨ ᠨᠢ 2024 ᠣᠨ ᠤ ︽ᠰᠢᠯᠢ ᠶᠢᠨ ᠭᠤᠣᠯ ᠤᠨ ᠭᠠᠷ ᠤᠨ ᠪᠡᠯᠡᠭ︾ ᠤᠨ  ᠵᠢᠭᠰᠠᠭᠠᠯᠲᠠ ᠳᠤ ᠤᠷᠤᠵᠠᠢ᠃  ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠴᠡᠴᠡᠭᠯᠡᠨ ᠬᠥᠭᠵᠢᠵᠦ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ 3 ᠵᠠᠮ ᠱᠤᠭᠤᠮ ᠢ ᠪᠥᠬᠦ ᠲᠠᠯ᠎ᠠ ᠪᠠᠷ ᠨᠡᠪᠳᠡᠷᠡᠬᠦᠯᠦᠨ᠂ ᠲᠦᠷᠭᠡᠨ ᠬᠦᠷᠭᠡᠯᠲᠡ ᠶᠢᠨ ᠡᠳ᠋ ᠪᠠᠷᠠᠭ᠎ᠠ 488 ᠲᠦᠮᠡᠨ ᠬᠤᠪᠢ ᠳᠤ ᠬᠦᠷᠴᠦ᠂  ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠤᠨ ᠬᠤᠶᠠᠳᠤᠭᠠᠷ ᠬᠤᠭᠤᠴᠠᠭ᠎ᠠ᠂ ᠡᠯᠧᠺᠲᠷᠣᠨ ᠬᠤᠳᠠᠯᠳᠤᠭᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠠᠰᠢᠭᠯᠠᠯᠲᠠ ᠳᠤ ᠤᠷᠤᠭᠠᠳ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 9.4 ᠳ᠋ᠦᠩᠰᠢᠭᠤᠷ ᠲᠥᠭᠦᠷᠢᠭ ᠲᠤ ᠬᠦᠷᠴᠡᠢ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ 28 ᠪᠣᠯᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰᠪᠤᠷᠢ 97.6 ᠳ᠋ᠦᠩᠰᠢᠭᠤᠷ ᠲᠥᠭᠦᠷᠢᠭ ᠪᠠ 87.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂  9.2 % ᠪᠠ 19.8 % ᠪᠠᠷ ᠨᠡᠮᠡᠭᠳᠡᠭᠰᠡᠨ ᠪᠠᠶᠢᠨ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号