2023 ᠤᠨ ᠤ ᠠᠵᠢᠯ ᠤᠨ ᠡᠷᠭᠢᠴᠡᠭᠦᠯᠦᠯ — ᠭᠤᠷᠪᠠ
ᠨᠡᠶᠢᠲᠡᠯᠡᠭᠰᠡᠨ ᠴᠠᠭ᠄
2024/1/29
   ᠰᠠᠭᠤᠷᠢ ᠶᠢ ᠴᠢᠩᠭᠠᠳᠬᠠᠨ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ  ᠲᠡᠭᠡᠭᠰᠢᠯᠡᠭᠰᠡᠨ᠃ ᠬᠤᠲᠠ ᠪᠠᠯᠭᠠᠰᠤᠨ ᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  7200 ᠲᠦᠮᠡᠨ ᠲᠥᠭᠦᠷᠢᠭ ᠤᠨ ᠪᠡᠯᠡ ᠤᠷᠤᠭᠤᠯᠤᠨ᠂  ᠬᠤᠳᠠ ᠶᠢᠨ ᠲᠤᠭᠤᠷᠢᠭ ᠤᠨ 50 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ ᠠᠷᠠᠴᠢᠯᠠᠨ ᠬᠠᠮᠠᠭᠠᠯᠠᠵᠤ᠂  4.5 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠴᠦ᠂  1.2 ᠲᠦᠮᠡᠨ ᠬᠠᠪᠳᠠᠭᠠᠢ ᠳᠥᠷᠪᠡᠯᠵᠢᠨ ᠮᠧᠲᠷ  ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠨ᠂ ᠤᠰᠤ ᠬᠠᠩᠭᠠᠬᠤ ᠪᠠ ᠪᠣᠷᠣᠭᠠᠨ ᠤ ᠤᠰᠤ ᠪᠤᠬᠢᠷ ᠤᠰᠤ ᠶᠢ ᠰᠠᠯᠭᠠᠬᠤ 10.3 ᠺᠢᠯᠣᠮᠧᠲᠷ  ᠲᠤᠤᠷ ᠬᠤᠭᠤᠯᠠᠢ   ᠶᠢ ᠰᠢᠨᠡᠳᠭᠡᠨ ᠰᠤᠯᠢᠵᠤ᠂ 1 ᠲᠦᠮᠡ ᠭᠠᠷᠤᠢ ᠤᠶᠤᠨᠴᠢ ᠤᠰᠤᠨ ᠬᠡᠮᠵᠢᠭᠦᠷ ᠢ ᠤᠭᠰᠠᠷᠠᠭᠰᠠᠨ ᠪᠦᠭᠡᠳ ᠯᠠᠯᠤ ᠶᠢᠨ ᠰᠦᠮ᠎ᠡ ᠶᠢ ᠨᠡᠭᠦᠯᠭᠡᠨ ᠪᠠᠶᠢᠭᠤᠯᠬᠤ  ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠬᠦᠸᠧ ᠹᠠᠩ ᠪᠠᠷᠠᠭᠤᠨ ᠵᠡᠭᠡᠯᠢ ᠶᠢᠨ ᠠᠭᠤᠳᠠᠮ ᠲᠠᠯᠠᠪᠠᠢ ᠵᠢᠴᠢ ᠲᠡᠷᠭᠡᠨ ᠵᠣᠭᠰᠣᠭᠠᠯ᠂ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠲᠡᠷᠭᠡᠨ ᠵᠣᠭᠰᠣᠭᠠᠯ ᠢ ᠠᠰᠢᠭᠯᠠᠯᠲᠠ ᠳᠤ ᠤᠷᠤᠭᠤᠯᠤᠭᠠᠳ᠂  ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠳᠡᠯᠭᠡᠭᠦᠷ ᠨᠢ ᠠᠩᠬ᠎ᠠ ᠠᠯᠬᠤᠮ ᠤᠨ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠪᠡ᠃  ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂  ᠶᠠᠩ ᠭᠤᠸᠠᠩ ᠲᠠᠪᠤᠳᠤᠭᠠᠷ ᠬᠤᠭᠤᠴᠠᠭᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ᠂  4 ᠬᠠᠭᠤᠴᠢᠨ ᠰᠠᠭᠤᠭᠠᠯᠢ ᠲᠣᠭᠤᠷᠢᠭ  ᠢ ᠵᠠᠰᠠᠵᠤ ᠰᠢᠨᠡᠳᠭᠡᠬᠦ ᠢᠨᠵᠧᠨᠧᠷᠢᠩ ᠲᠣᠭᠲᠠᠭᠰᠠᠨ ᠬᠤᠭᠤᠴᠠᠭᠠᠨ ᠳᠤ  ᠪᠡᠶᠡᠯᠡᠭᠳᠡᠨ᠂  441 ᠡᠷᠦᠬᠡ ᠶᠢᠨ 520 ᠢᠵᠢ ᠳᠥᠭᠦᠮ ᠪᠦᠳᠦᠭᠦᠯᠢᠭ ᠣᠷᠣᠨ ᠰᠠᠭᠤᠴᠠ  ᠶᠢ ᠨᠤᠷᠠᠭᠠᠵᠤ ᠨᠡᠬᠦᠯᠬᠡᠨ ᠰᠢᠨ᠎ᠡ ᠠᠰᠠᠷ ᠬᠤᠪᠢᠶᠠᠵᠠᠢ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠂ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠭᠦᠨᠵᠡᠭᠡᠢ ᠠᠬᠢᠭᠰᠠᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠬᠦᠯᠵᠦ ᠦᠷᠭᠡᠳᠭᠡᠨ᠂  ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂  103 ᠡᠷᠦᠬᠡ 174 ᠬᠥᠮᠥᠨ ᠤ ᠶᠠᠳᠠᠭᠤᠷᠠᠯ ᠤᠨ ᠲᠦᠭᠰᠢᠬᠦᠷᠢ ᠶᠢ ᠠᠷᠢᠯᠭᠠᠵᠤ ᠬᠢᠨᠠᠨ ᠬᠡᠮᠵᠢᠬᠦ ᠨᠢᠭᠤᠷᠯᠠᠯ ᠠᠴᠠ ᠭᠠᠷᠭᠠᠭᠰᠠᠨ ᠪᠠᠶᠢᠨ᠎ᠠ᠃  ᠡᠯ᠎ᠡ ᠲᠥᠷᠥᠯ ᠤᠨ ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ ᠮᠥᠩᠭᠦ ᠶᠢ 2.1 ᠳ᠋ᠦᠩᠰᠢᠭᠤᠷ ᠲᠥᠭᠦᠷᠢᠭ ᠣᠷᠣᠭᠤᠯᠵᠤ᠂ ᠣᠨᠴᠠᠯᠢᠭᠲᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠵᠡᠷᠭᠡ 53 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ 509  ᠬᠦᠮᠦᠨ ᠳᠤ ᠠᠵᠢᠯ ᠤᠯᠭᠤᠭᠰᠠᠨ ᠤ ᠬᠠᠮᠳᠤ᠂  3440 ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠲᠤᠬᠠᠢ ᠶᠢᠨ ᠭᠠᠵᠠᠷ ᠲᠤᠨᠢ ᠪᠤᠶᠤ ᠰᠢᠯᠵᠢᠭᠦᠯᠦᠨ ᠠᠵᠢᠯ ᠣᠯᠭᠤᠵᠤ᠂  ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠦᠬᠦᠪᠦᠷᠢ 22 ᠲᠦᠮᠡᠨ ᠲᠥᠭᠦᠷᠢᠭ ᠢ ᠲᠠᠷᠬᠠᠭᠠᠵᠠᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠵᠠᠰᠠᠨ ᠰᠠᠶᠢᠵᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠤᠷᠰᠢᠯᠳᠠ ᠶᠢᠨ ᠴᠡᠭ 1 ᠶᠢ ᠪᠠᠶᠢᠭᠤᠯᠤᠨ᠂ 237 ᠡᠷᠦᠬᠡ ᠶᠢᠨ ᠵᠣᠷᠯᠣᠩ ᠳᠤ ᠦᠬᠡᠷᠡᠴᠢᠯᠡᠯᠳᠡ ᠬᠢᠵᠦ᠂ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠨᠡᠶᠢᠭᠡᠮᠴᠢᠯᠡᠭᠰᠡᠨ ᠡᠵᠡᠩᠨᠡᠯᠲᠡ ᠶᠢᠨ ᠦᠢᠯᠡᠴᠢᠯᠡᠭᠡ ᠶᠢ 3 ᠲᠦᠮᠡᠨ ᠤᠳᠠᠭ᠎ᠠ ᠪᠡᠶᠡᠯᠡᠬᠦᠯᠦᠭᠡᠳ᠂ ᠠᠰᠢᠭ ᠭᠥᠷᠳᠡᠭᠰᠡᠨ ᠣᠯᠠᠨ ᠲᠦᠮᠡᠨ 35 ᠲᠦᠮᠡᠨ ᠬᠥᠮᠥᠨ ᠤᠳᠠᠭ᠎ᠠ ᠳᠤ ᠬᠥᠷᠪᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠲᠣᠰᠬᠤᠨ 3᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂  ᠵᠢᠱᠢᠶ᠎ᠡ ᠦᠵᠡᠭᠦᠯᠬᠦ ᠲᠣᠰᠬᠤᠨ 1 ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠦᠭᠡᠳ  ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠨᠢ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂  ᠯᠦᠸᠧ ᠲᠦᠸᠧ ᠱᠠᠨ ᠪᠠᠯᠭᠠᠰᠤᠨ ᠤ ᠵᠠᠩ ᠹᠠᠩ ᠱᠠᠨ ᠲᠣᠰᠬᠤᠨ ᠨᠢ ᠶᠢᠰᠦᠳᠦᠭᠡᠷ ᠪᠦᠯᠦᠭ ᠤᠨ ᠪᠥᠬᠦ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ 2700 ᠭᠠᠷᠤᠢ ᠺᠠᠳ᠋ᠷ ᠪᠠ ᠮᠡᠷᠭᠡᠵᠢᠯ ᠤᠨ ᠠᠵᠢᠯᠲᠠᠨ ᠢ  ᠪᠤᠯᠪᠠᠰᠤᠷᠠᠯ ᠳᠤ ᠤᠷᠤᠯᠴᠠᠭᠤᠯᠤᠨ᠂ ᠡᠯ᠎ᠡ ᠲᠥᠷᠥᠯ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠪᠤᠷᠤᠯᠠᠭᠤᠯᠭ᠎ᠠ 3.5 ᠳ᠋ᠦᠩᠰᠢᠭᠤᠷ ᠲᠥᠭᠦᠷᠢᠭ ᠲᠤ ᠬᠦᠷᠴᠡᠢ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠬᠦᠯᠳᠡᠷᠵᠢᠭᠰᠡᠨ᠃ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  28.9 ᠺᠢᠯᠣᠮᠧᠲᠷ ᠭᠠᠴᠠᠭ᠎ᠠ ᠲᠣᠰᠬᠤᠨ ᠪᠤᠶᠤ ᠠᠶᠢᠯ ᠲᠣᠰᠬᠤᠨ ᠳᠤ ᠨᠡᠪᠳᠡᠷᠡᠬᠦ ᠵᠠᠮ ᠢ ᠪᠠᠶᠢᠭᠤᠯᠤᠨ᠂ 20.4 ᠺᠢᠯᠣᠮᠧᠲᠷ ᠵᠠᠰᠠᠮᠠᠯ ᠵᠠᠮ ᠢ ᠦᠬᠡᠷᠡᠴᠢᠯᠡᠨ ᠰᠠᠶᠢᠵᠢᠷᠠᠭᠤᠯᠵᠤ᠂  ︽304︾ ᠱᠤᠭᠤᠮ ᠤᠨ ᠪᠦᠦ ᠹᠧᠩ ᠬᠡᠰᠡᠭ᠂  ᠰᠢ ᠵᠦᠩ   ᠬᠡᠰᠡᠭ ᠤᠨ ᠭᠤᠣᠯ ᠴᠤᠭᠴᠠ ᠶᠢᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠭᠰᠡᠨ ᠪᠦᠭᠡᠳ ᠲᠠᠢ ᠰᠢ ᠲᠡᠮᠦᠷ ᠵᠠᠮ ᠤᠨ ᠪᠠᠶᠢᠭᠤᠯᠤᠯᠲᠠ ᠶᠢ ᠡᠬᠢᠯᠡᠭᠦᠯᠵᠦ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 1  ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 17   ᠶᠢ ᠪᠠᠶᠢᠭᠤᠯᠵᠤ᠂ 18 ᠠᠶᠢᠯ ᠲᠣᠰᠬᠤᠨ᠂ 3103 ᠬᠥᠮᠥᠨ ᠠᠮᠠ ᠶᠢᠨ ᠤᠰᠤ ᠤᠮᠳᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ ᠭᠤᠣᠯ ᠲᠦᠭᠡᠭᠡᠭᠦᠷ ᠲᠣᠣᠷ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠠᠨ ᠳ᠋ᠣᠣ ᠭᠧᠦ ᠶᠢᠨ 110  ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ  ᠤ ᠦᠬᠡᠷᠡᠴᠢᠯᠡᠯᠳᠡ ᠶᠢ ᠲᠠᠭᠤᠰᠬᠠᠨ᠂  ᠱᠤ᠋ ᠭᠤᠸᠠᠩ ᠤᠨ 110  ᠺᠢᠯᠤᠸᠤᠯᠲ ᠤᠨ ᠴᠠᠬᠢᠯᠭᠠᠨ ᠲᠠᠮᠵᠢᠭᠤᠯᠬᠤ   ᠢᠨᠵᠧᠨᠧᠷᠢᠩ ᠢ ᠤᠷᠤᠭᠰᠢᠲᠠᠢ ᠠᠬᠢᠭᠤᠯᠵᠤ᠂ 26.7 ᠺᠢᠯᠣᠮᠧᠲᠷ ᠴᠠᠬᠢᠯᠭᠠᠨ ᠲᠦᠭᠡᠭᠡᠬᠦ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠦᠴᠦᠳᠡᠯ ᠥᠭᠡᠷᠡᠴᠢᠯᠡᠭᠴᠢ 4 ᠶᠢ ᠤᠭᠰᠠᠷᠠᠵᠠᠢ᠃ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ 5G ᠰᠠᠭᠤᠷᠢ ᠥᠷᠲᠡᠭᠡ 133 ᠶᠢ ᠪᠠᠶᠢᠭᠤᠯᠤᠨ᠂ 4G ᠲᠤᠬᠢᠶᠠᠨ ᠤ ᠪᠦᠷᠬᠦᠴᠡ ᠶᠢ 100% ᠳᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ  ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号