2023 ᠤᠨ ᠤ ᠠᠵᠢᠯ ᠤᠨ ᠡᠷᠭᠢᠴᠡᠭᠦᠯᠦᠯ — ᠳᠥᠷᠪᠡ
ᠨᠡᠶᠢᠲᠡᠯᠡᠭᠰᠡᠨ ᠴᠠᠭ᠄
2024/1/29
   ᠪᠣᠬᠢᠷᠲᠤᠯ ᠦᠭᠡᠢ ᠬᠦᠭᠵᠢᠬᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ   ᠢ ᠤᠯᠠᠮ ᠠᠴᠠ ᠤᠯᠠᠮ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ  ᠢᠯᠡᠷᠭᠡᠢ ᠠᠮᠵᠢᠯᠳᠠ ᠤᠯᠤᠭᠰᠠᠨ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠬᠦᠴᠦᠳᠡᠢ ᠠᠬᠢᠭᠤᠯᠤᠨ᠂ ᠠᠭᠠᠷ  ᠤᠨ ᠴᠢᠨᠰᠠᠭ᠎ᠠ  ᠰᠢᠯᠢᠳᠡᠭ ᠡᠳᠦᠷ ᠤᠨ ᠲᠤᠭ᠎ᠠ  341 ᠡᠳᠦᠷ ᠲᠤ ᠬᠦᠷᠴᠦ᠂ ᠰᠢᠯᠢᠳᠡᠭ   ᠤᠨ ᠨᠣᠷᠮ᠎ᠠ  93.4% ᠳᠤ ᠬᠥᠷᠪᠡ᠃ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠪᠠᠯᠭᠠᠰᠤᠨ  ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100 % ᠪᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠪᠠᠳᠤᠯᠠᠭᠠᠨ ᠤ ᠬᠡᠮᠵᠢᠶ᠎ᠡ ᠵᠢᠯ ᠠᠴᠠ ᠵᠢᠯ ᠲᠡᠭᠡᠭᠰᠢᠯᠡᠵᠦ ᠢᠷᠡᠵᠡᠢ᠃   ᠬᠥᠷᠥᠰᠥ ᠰᠢᠷᠣᠢ ᠶᠢᠨ ᠪᠣᠬᠢᠷᠲᠤᠯ ᠢ  ᠦᠨᠳᠦᠰᠦᠨ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ︽ᠬᠤᠶᠠᠷ ᠢ ᠪᠠᠭᠠᠰᠬᠠᠵᠤ ᠬᠤᠶᠠᠷ ᠢ ᠬᠢᠵᠠᠭᠠᠷᠯᠠᠬᠤ︾ ᠠᠵᠢᠯ  ᠪᠤᠳᠠᠳᠠᠢ ᠦᠷ᠎ᠡ ᠪᠦᠲᠦᠮᠵᠢ ᠣᠯᠵᠤ᠂  ᠭᠡᠷᠡᠭᠯᠡᠯᠳᠡ ᠶᠢᠨ ᠬᠡᠮᠵᠢᠶ᠎ᠡ ᠨᠢ ᠲᠤᠰᠪᠤᠷᠢ 0.6% ᠪᠠ 0.5% ᠪᠠᠷ ᠪᠠᠭᠠᠰᠤᠭᠰᠠᠨ ᠪᠦᠭᠡᠳ  ᠲᠠᠷᠢᠶᠠᠨ ᠭᠠᠵᠠᠷ ᠤᠨ ︽ᠴᠠᠭᠠᠨ ᠤ ᠪᠣᠬᠢᠷᠲᠤᠯ︾ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠡᠬᠡᠬᠦᠯᠦᠨ ᠬᠤᠷᠢᠶᠠᠬᠤ ᠨᠣᠷᠮ᠎ᠠ 91% ᠳᠤ  ᠬᠦᠷᠦᠭᠰᠡᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠯᠠᠪᠳᠠᠭᠤᠨ ᠢᠶᠠᠷ ᠠᠬᠢᠭᠰᠠᠨ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠳᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂ ᠲᠦᠷᠢᠮ ᠲᠣᠭᠲᠠᠭᠠᠯ ᠵᠦᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠪᠡ᠃ ᠪᠦᠬᠦ ᠤᠷᠤᠨ ᠤ ᠴᠤᠷ ᠤᠨ ᠭᠠᠭᠴᠠ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠳᠠ ᠶᠢᠨ ᠲᠥᠷᠥᠯ ᠵᠦᠢᠯ ᠢ ᠠᠮᠵᠢᠯᠳᠠᠳᠠᠢ ᠪᠠᠷ ᠡᠷᠡᠮᠡᠯᠵᠡᠯᠡᠨ ᠤᠯᠤᠭᠰᠠᠨ ᠤ ᠬᠠᠮᠳᠤ᠂ 4.3 ᠲᠦᠮᠡᠨ ᠮᠦ ᠣᠶᠢᠵᠢᠭᠤᠯᠤᠯᠲᠠ ᠶᠢ ᠬᠢᠵᠦ᠂ 2.2 ᠲᠦᠮᠡᠨ ᠮᠦ  ᠭᠠᠵᠠᠷ ᠰᠢᠷᠣᠢ ᠶᠢ ᠵᠠᠰᠠᠨ ᠰᠠᠶᠢᠵᠢᠷᠠᠭᠤᠯᠵᠠᠢ᠃  ᠨᠠᠭᠤᠷ ᠭᠤᠣᠯ   ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ  ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠶᠠᠨ ᠶᠢᠨ ᠭᠧᠦ ᠪᠠᠯᠭᠠᠰᠤᠨ ᠤ ᠴᠢ ᠬᠤᠤ ᠲᠤᠰᠬᠤᠨ ᠤ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ᠂ ᠬᠠᠨ ᠢᠦᠢ ᠶᠢᠩ ᠭᠤᠣᠯ ᠤᠨ ᠦᠶᠡᠷ  ᠰᠡᠷᠭᠡᠶᠢᠯᠡᠬᠦ ᠢᠨᠵᠧᠨᠧᠷᠢᠩ ᠢ  ᠲᠤᠭᠰᠬᠠᠭᠰᠠᠨ ᠤ ᠬᠠᠮᠳᠤ᠂  ᠡᠩ ᠤᠨ ᠣᠶᠢᠵᠢᠭᠤᠯᠤᠯᠲᠠ 2.5 ᠲᠦᠮᠡᠨ ᠮᠤ᠋᠂  ᠠᠷᠠᠴᠢᠯᠠᠨ ᠪᠣᠶᠢᠵᠢᠭᠤᠯᠬᠤ ᠤᠢ ᠰᠢᠭᠤᠢ 10.1 ᠲᠦᠮᠡᠨ ᠮᠤ᠋᠂  ᠬᠦᠨᠦᠬᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠭᠰᠠᠨ ᠲᠠᠯᠠᠪᠠᠢ 72.8 ᠲᠦᠮᠡᠨ ᠮᠤ᠋   ᠳᠤ ᠬᠦᠷᠪᠡ᠃  ᠠᠭᠤᠯᠠ ᠠᠭᠤᠷᠬᠠᠢ᠂   ᠭᠤᠤ ᠭᠠᠩᠭ᠎ᠠ ᠶᠢᠨ ᠵᠠᠰᠠᠯᠳᠠ ᠪᠠ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠠᠬᠢᠭᠤᠯᠤᠨ᠂  67. 4 ᠾᠧᠺᠲ᠋ᠠᠷ ᠠᠭᠤᠷᠬᠠᠢ ᠶᠢᠨ ᠵᠠᠰᠠᠯᠲᠠ᠂ 102 ᠾᠧᠺᠲ᠋ᠠᠷ  ᠡᠵᠡᠬᠦᠢ ᠭᠤᠤ ᠭᠠᠩᠭ᠎ᠠ ᠶᠢᠨ ᠵᠠᠰᠠᠯᠲᠠ ᠶᠢ ᠬᠢᠵᠦ᠂   7.9 ᠾᠧᠺᠲ᠋ᠠᠷ ᠠᠭᠤᠷᠬᠠᠢ ᠶᠢᠨ  ᠨᠦᠬᠡ ᠶᠢ  ᠲᠡᠭᠰᠢᠯᠡᠵᠦ ᠰᠡᠷᠬᠦᠭᠡᠭᠰᠡᠨ ᠤ ᠬᠠᠮᠲᠤ᠂  ᠠᠶᠢᠮᠠᠭ ᠤᠨ ᠰᠢᠯᠭᠠᠨ ᠪᠠᠶᠢᠴᠠᠭᠠᠯᠳᠠ ᠶᠢ ᠠᠮᠵᠢᠯᠳᠠᠳᠠᠢ ᠦᠩᠭᠡᠷᠡᠭᠡᠵᠦ᠂  ᠮᠠᠨ ᠲᠸᠦ ᠱᠠᠨ ᠤ ᠴᠣᠬᠤᠢ ᠶᠢᠨ ᠴᠢᠯᠠᠭᠤᠯᠢᠭ ᠤᠨ ᠠᠭᠤᠷᠬᠠᠢ ᠨᠢ  ᠪᠥᠬᠦ ᠠᠶᠢᠮᠠᠭ  ᠤᠨ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠰᠢᠯᠢᠳᠡᠭ ᠨᠡᠷᠡᠰ ᠲᠤ ᠤᠷᠤᠵᠠᠢ᠃ ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ  ᠂  ᠲᠥᠪ ᠤᠨ ᠬᠤᠶᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ  ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠯ ᠤᠨ ᠡᠬᠦᠷᠭᠡ ᠪᠠᠨ ᠴᠢᠨᠠᠷ ᠰᠠᠶᠢᠳᠠᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号