2023 ᠤᠨ ᠤ ᠠᠵᠢᠯ ᠤᠨ ᠡᠷᠭᠢᠴᠡᠭᠦᠯᠦᠯ — ᠲᠠᠪᠤ
ᠨᠡᠶᠢᠲᠡᠯᠡᠭᠰᠡᠨ ᠴᠠᠭ᠄
2024/1/29
  ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠨᠡᠶᠢᠭᠡᠮ ᠤᠨ ᠦᠢᠯᠡᠰ ᠢ ᠲᠣᠭᠲᠠᠭᠤᠨ ᠢᠶᠠᠷ ᠬᠦᠭᠵᠢᠬᠦᠯᠪᠡ  ᠃ ᠠᠷᠠᠳ ᠤᠨ ᠠᠮᠢᠳᠤᠷᠠᠯ ᠤᠨ ᠪᠠᠲᠤᠯᠠᠭ᠎ᠠ ᠲᠣᠭᠲᠠᠭᠤᠨ ᠢᠶᠠᠷ ᠴᠢᠩᠭᠠᠷᠠᠭᠰᠠᠨ᠃  ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠦᠳᠦᠭᠡᠬᠦ ᠶᠢ ᠠᠬᠢᠭᠤᠯᠬᠤ᠂ ᠠᠵᠢᠯ ᠣᠯᠬᠤ ᠳᠤ ᠬᠦᠴᠢᠷᠲᠡᠢ ᠬᠥᠮᠥᠰ ᠢ ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ ᠵᠡᠷᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 1.4 ᠲᠦᠮᠡᠨ ᠠᠵᠢᠯ ᠤᠨ ᠪᠠᠶᠢᠷᠢ ᠡᠯᠰᠡᠨ  ᠂ ᠬᠤᠲᠠ ᠪᠠᠯᠭᠠᠰᠤᠨ ᠤ 835 ᠬᠥᠮᠥᠨ ᠳᠤ ᠰᠢᠨ᠎ᠡ ᠪᠠᠷ ᠠᠵᠢᠯ ᠣᠯᠭᠤᠵᠤ᠂ 774 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠬᠦᠰᠦᠭᠰᠡᠨ346 ᠬᠥᠮᠥᠨ ᠳᠤ ᠠᠵᠢᠯ ᠤᠯᠭᠤᠭᠠᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.2 %  ᠳᠣᠲᠣᠷ᠎ᠠ ᠬᠢᠵᠠᠭᠠᠷᠯᠠᠵᠤ᠂  1478 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠭᠡ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠳᠤ ᠤᠷᠤᠬᠤ ᠵᠤᠬᠢᠰᠳᠠᠢ ᠪᠤᠯ ᠪᠦᠬᠦᠨ ᠢ ᠤᠷᠤᠭᠤᠯᠵᠤ  ᠂ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ 515.6 ᠲᠦᠮᠡᠨ ᠲᠥᠭᠦᠷᠢᠭ ᠢ ᠲᠠᠷᠬᠠᠭᠠᠨ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠨᠥᠬᠦᠪᠦᠷᠢ ᠮᠥᠩᠭᠦ   ᠶᠢ 1.25 ᠳ᠋ᠦᠩᠰᠢᠭᠤᠷ ᠲᠥᠭᠦᠷᠢᠭ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ ᠮᠥᠩᠭᠦ ᠵᠢᠴᠢ ᠠᠰᠠᠷᠠᠨ ᠬᠠᠷᠠᠭᠠᠯᠵᠠᠬᠤ  ᠨᠢᠭᠤᠷᠯᠠᠯ ᠤᠨ ᠠᠮᠢᠳᠤᠷᠠᠯ ᠤᠨ ᠨᠥᠬᠦᠪᠦᠷᠢ ᠶᠢ 1362 ᠲᠦᠮᠡᠨ ᠲᠥᠭᠦᠷᠢᠭ ᠲᠠᠷᠬᠠᠭᠠᠨ᠂  ︽ᠭᠤᠷᠪᠠᠨ ᠳᠠᠪᠬᠤᠷ ᠪᠠᠲᠤᠯᠠᠭ᠎ᠠ︾ ᠶᠢᠨ ᠰᠠᠭᠤᠷᠢ ᠮᠥᠩᠭᠦ ᠶᠢᠨ ᠵᠠᠷᠤᠯᠭ᠎ᠠ 2.87 ᠳ᠋ᠦᠩᠰᠢᠭᠤᠷ ᠲᠥᠭᠦᠷᠢᠭ ᠲᠤ ᠬᠦᠷᠴᠦ᠂  26.6 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃ ᠰᠤᠷᠭᠠᠨ ᠬᠥᠮᠦᠵᠢᠯ ᠤᠨ ᠰᠠᠭᠤᠷᠢ ᠦᠷᠭᠦᠯᠵᠢᠯᠡᠨ ᠰᠠᠶᠢᠵᠢᠷᠠᠭᠰᠠᠨ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠪᠠ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠬᠤ ᠨᠣᠷᠮ᠎ᠠ ᠲᠤᠰᠪᠤᠷᠢ  85 % ᠪᠠ 97% ᠳᠤ  ᠬᠦᠷᠴᠦ᠂ ᠭᠤᠣᠯᠳᠠᠯᠭ᠎ᠠ ᠲᠠᠢ ᠣᠷᠣᠨ ᠪᠦᠰᠡ ᠳᠤ  ᠬᠡᠦᠬᠡᠳ ᠤᠨ ᠴᠡᠴᠡᠷᠯᠢᠭ  ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠬᠦᠯᠪᠡ᠃  ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂  ᠴᠡᠴᠡᠷᠯᠢᠭ ᠤᠨ ᠰᠤᠷᠭᠠᠨ ᠬᠦᠮᠦᠵᠢᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠭᠡᠷᠡᠭᠯᠡᠵᠡᠢ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ 11 ᠰᠤᠷᠭᠠᠭᠤᠯᠢ ᠳᠤ ᠪᠦᠷ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠦᠷᠨᠢᠬᠦᠯᠦᠨ᠂ ᠰᠣᠷᠣᠭᠴᠢ ᠶᠢᠨ ᠤᠷᠤᠯᠴᠠᠬᠤ ᠨᠣᠷᠮ᠎ᠠ 99% ᠳᠤ ᠬᠥᠷᠪᠡ᠃ ᠪᠠᠭᠰᠢ ᠶᠢᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 42 ᠪᠠᠭᠰᠢ᠂ ᠣᠨᠴᠠᠭᠠᠶ ᠠᠵᠢᠯ ᠤᠨ ᠪᠠᠶᠢᠷᠢ ᠶᠢᠨ 5 ᠪᠠᠭᠰᠢ ᠶᠢ  ᠤᠷᠢᠵᠤ ᠭᠡᠷᠡᠭᠯᠡᠭᠰᠡᠨ ᠪᠦᠭᠡᠳ 6 ᠨᠠᠷᠠᠲᠤ ᠰᠢᠯᠢᠳᠡᠭ ᠪᠠᠭᠰᠢ᠂ ᠴᠠᠩᠫᠢᠩ ᠲᠣᠭᠤᠷᠢᠭ ᠤᠨ 7 ᠰᠢᠯᠢᠳᠡᠭ ᠪᠠᠭᠰᠢ ᠶᠢ ᠤᠷᠢᠵᠤ  ᠰᠤᠷᠭᠠᠨ ᠬᠥᠮᠦᠵᠢᠯ ᠢ ᠲᠡᠮᠵᠢᠬᠦᠯᠦᠨ᠂ 56 ᠪᠠᠭᠰᠢ ᠶᠢ ᠪᠡᠭᠡᠵᠢᠩ ᠳᠤ ᠲᠣᠮᠢᠯᠠᠨ ᠰᠤᠷᠤᠯᠴᠠᠭᠤᠯᠪᠠ᠃ 2 ᠰᠢᠶᠠᠩ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ ᠲᠠᠯᠠᠪᠠᠢ ᠬᠢᠭᠡᠳ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠳᠥᠷᠪᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠠᠰᠢᠭᠯᠠᠯᠲᠠ ᠳᠤ ᠤᠷᠤᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠤᠯᠠᠮ ᠲᠡᠬᠦᠯᠳᠡᠷᠵᠢᠬᠦᠯᠵᠡᠢ᠃ ᠡᠷᠡᠭᠦᠯ ᠬᠠᠮᠠᠭᠠᠯᠠᠯ ᠤᠨ ᠦᠢᠯᠡᠰ ᠯᠠᠪᠳᠠᠭᠤᠨ ᠢᠶᠠᠷ ᠠᠬᠢᠭᠰᠠᠨ᠃  ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠤᠷᠤᠭᠰᠢᠲᠠᠢ ᠠᠬᠢᠭᠤᠯᠤᠨ᠂ 11 ᠰᠠᠭᠤᠷᠢ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 2 ᠰᠠᠭᠤᠷᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 142 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠦᠨᠳᠦᠰᠦᠨ ᠱᠠᠲᠤᠨ ᠤ ᠡᠮᠨᠡᠯᠬᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢ ᠨᠡᠶᠢᠳᠡᠮ ᠪᠦᠷᠬᠦᠭᠦᠯᠪᠡ᠃  ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠵᠢᠴᠢ ᠡᠯ᠎ᠡ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠂ ᠶᠡᠷᠦᠩᠬᠡᠢ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠢ ᠤᠷᠢᠨ ᠲᠤᠮᠢᠯᠠᠭᠰᠠᠨ ᠤ ᠬᠠᠮᠳᠤ  ᠂ 10 ᠨᠡᠷ᠎ᠡ ᠡᠮᠨᠡᠯᠭᠡ ᠶᠢᠨ ᠲᠤᠰᠬᠠᠢ  ᠮᠡᠷᠭᠡᠵᠢᠯᠳᠡᠨ ᠢ ᠤᠷᠢᠨ ᠬᠡᠷᠡᠭᠯᠡᠵᠦ᠂ 9  ᠨᠡᠷ᠎ᠡ  ᠡᠮᠨᠡᠯᠭᠡ ᠶᠢᠨ ᠮᠡᠷᠭᠡᠵᠢᠯ ᠰᠤᠷᠤᠭᠰᠠᠨ ᠰᠣᠷᠣᠭᠴᠢ ᠲᠠᠢ ᠬᠥᠳᠡᠯᠮᠦᠷᠢ ᠦᠢᠯᠡᠴᠢᠯᠡᠭᠡᠨ ᠤ ᠭᠡᠷ᠎ᠡ ᠲᠤᠭᠳᠠᠵᠠᠢ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ ᠶᠢᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠤᠯᠵᠤ ᠲᠡᠰ ᠲᠡᠪᠰᠢᠭᠰᠡᠨ ᠪᠠᠶᠢᠨ᠎ᠠ᠃  ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ 10.6 ᠲᠦᠮᠡᠨ ᠬᠤᠪᠢ ᠪᠠᠶᠢᠭᠤᠯᠤᠭᠠᠳ᠂ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 96.4% ᠳᠤ ᠬᠦᠷᠴᠦ᠂  7140 ᠬᠦᠮᠦᠨ ᠳᠤ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠵᠡᠢ᠃  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ ᠪᠠᠶᠢᠩᠭᠤᠵᠢᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠷᠢ ᠴᠢᠳᠠᠪᠤᠷᠢ ᠤᠯᠠᠮ ᠲᠡᠭᠡᠭᠰᠢᠯᠡᠭᠰᠡᠨ ᠪᠠᠶᠢᠨ᠎ᠠ
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号