2023 ᠤᠨ ᠤ ᠠᠵᠢᠯ ᠤᠨ ᠡᠷᠭᠢᠴᠡᠭᠦᠯᠦᠯ —  ᠳᠣᠯᠤᠭ᠎ᠠ
ᠨᠡᠶᠢᠲᠡᠯᠡᠭᠰᠡᠨ ᠴᠠᠭ᠄
2024/1/29
  ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠴᠢᠳᠠᠮᠵᠢ ᠶᠢ ᠪᠥᠬᠦ ᠲᠠᠯ᠎ᠠ ᠪᠠᠷ ᠲᠡᠭᠡᠭᠰᠢᠯᠡᠬᠦᠯᠪᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠭᠰᠠᠨ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ  ᠪᠠ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠭᠡᠷᠡᠭᠵᠢᠬᠦᠯᠦᠨ᠂ ︽ᠲᠦᠷᠪᠡᠨ ᠰᠤᠷᠲᠠᠯ︾  ᠢ ᠴᠥᠬᠦᠷᠡᠰᠢ ᠦᠭᠡᠢ ᠴᠡᠭᠴᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠯᠬᠤᠮ ᠶᠠᠪᠤᠴᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠭᠡᠷᠡᠭᠯᠡᠨ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠲᠠᠰᠤᠷᠠᠯᠲᠠ ᠦᠭᠡᠢ ᠲᠡᠭᠡᠭᠰᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠤᠭᠤᠴᠠᠭ᠎ᠠ ᠶᠣᠰᠣᠭᠠᠷ ᠭᠦᠢᠴᠡᠳᠬᠡᠵᠦ ᠳᠠᠭᠤᠰᠬᠠᠭᠰᠠᠨ ᠨᠣᠷᠮ᠎ᠠ  100% ᠳᠤ  ᠬᠦᠷᠴᠡᠢ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠱᠠᠭᠠᠷᠳᠠᠨ ᠪᠠᠶᠢᠴᠠᠭᠠᠯᠲᠠ︾ ᠳᠤ ᠪᠢᠴᠢᠭᠡᠰᠦ ᠦᠯᠡᠳᠡᠭᠡᠭᠰᠡᠨ  12  ᠠᠰᠠᠭᠤᠳᠠᠯ ᠢ ᠰᠢᠢᠳᠪᠦᠷᠢᠯᠡᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠶᠢ 2159 ᠤᠳᠠᠭ᠎ᠠ ᠲᠤᠰᠴᠤ  ᠂ ᠤᠯᠠᠨ ᠲᠦᠮᠡᠨ ᠤ  ᠬᠠᠨᠤᠮᠵᠢ ᠶᠢᠨ ᠬᠡᠮᠵᠢᠶ᠎ᠡ 99.9%  ᠳᠤ ᠬᠦᠷᠪᠡ᠃ ︽ᠭᠤᠷᠪᠠᠨ ᠴᠢᠬᠤᠯᠠ ᠨᠢᠭᠡ ᠲᠤᠮᠤ︾   ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠢᠯᠡ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 2023 ᠣᠨ ᠳᠤ ᠠᠷᠠᠳ ᠤᠨ ᠲᠥᠯᠥᠭᠡᠯᠡᠭᠴᠢ ᠶᠢᠨ  ᠪᠢᠯᠧᠲ ᠪᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 98 ᠬᠤᠪᠢ ᠠᠷᠠᠳ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ᠂ 96 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ  ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠭᠰᠡᠨ ᠪᠠᠶᠢᠨ᠎ᠠ᠃  ᠬᠤᠷᠢᠭ᠎ᠠ ᠱᠤᠭᠤᠮ ᠤᠨ ᠰᠡᠳᠬᠢᠬᠦᠢ ᠶᠢ ᠪᠥᠬᠦ ᠲᠠᠯ᠎ᠠ ᠪᠠᠷ ᠪᠠᠳᠤᠳᠬᠠᠭᠰᠠᠨ ᠃ ︽ᠵᠠᠰᠠᠭ ᠤᠨ ᠣᠷᠳᠣᠨ ᠠᠷᠪᠢᠯᠠᠨ ᠭᠠᠮᠨᠠᠵᠤ᠂ ᠣᠯᠠᠨ ᠲᠦᠮᠡᠨ ᠢ ᠪᠠᠶᠠᠨ ᠲᠠᠩᠰᠤᠭ ᠠᠮᠢᠳᠤᠷᠠᠭᠤᠯᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠤᠯᠤᠰ ᠤᠨ ᠦᠮᠴᠢᠯᠡᠯᠳᠦ ᠡᠳ᠋ ᠬᠥᠷᠥᠩᠭᠡ᠂ ᠤᠯᠤᠰ ᠤᠨ ᠦᠮᠴᠢᠯᠡᠯᠳᠦ ᠡᠬᠢ ᠪᠠᠶᠠᠯᠢᠭ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠲᠥᠰᠥᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠵᠦᠢᠯ ᠤᠨ ᠠᠯᠪᠠᠨ  ᠵᠠᠷᠤᠳᠠᠯ︾  ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠲᠤᠶᠢᠯ ᠤᠨ ᠬᠦᠴᠢᠷᠳᠡᠯ ᠲᠠᠢ  ᠪᠠᠶᠢᠳᠠᠯ  ᠳᠣᠣᠷ᠎ᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ   ᠬᠡᠷᠡᠭᠯᠡᠵᠦ ᠪᠠᠶᠢᠭᠠᠳ ︽ᠭᠤᠷᠪᠠᠨ ᠪᠠᠲᠤᠯᠠᠭ᠎ᠠ︾ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠯᠳᠠ ᠥᠭᠴᠡᠭᠡ ᠶᠢ ᠠᠷᠢᠯᠭᠠᠬᠤ ᠪᠠ ᠠᠵᠤ ᠠᠬᠤᠶᠢᠯᠠᠯ ᠳᠤ ᠦᠷᠢᠳᠦᠭᠰᠡᠨ ᠦᠷᠢ ᠰᠢᠷᠢ ᠶᠢ ᠴᠡᠪᠡᠷᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠬᠤᠶᠠᠷ ᠢ  ᠬᠦᠷᠢᠶᠡᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ  ᠵᠢᠴᠢ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠲᠤᠭ᠎ᠠ ᠪᠦᠷᠢᠳᠬᠡᠯ  ᠂  ᠴᠠᠭ ᠠᠭᠤᠷ᠂ ᠮᠥᠩᠭᠦᠨ ᠭᠦᠢᠯᠭᠡᠭᠡ ᠳᠠᠭᠠᠳᠬᠠᠯ᠂  ᠴᠢᠮᠡᠭᠡ ᠬᠤᠯᠪᠣᠭ᠎ᠠ᠂ ᠬᠠᠩᠭᠠᠨ ᠪᠤᠷᠤᠯᠠᠭᠤᠯᠭ᠎ᠠ᠂ ᠬᠠᠮ ᠵᠠᠭᠤᠴᠢᠯᠠᠭᠤᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ  ᠂ ᠠᠵᠢᠯᠴᠢᠨ ᠤ ᠡᠪᠯᠡᠯ᠂  ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠢ ᠪᠦᠷ ᠰᠢᠨ᠎ᠡ ᠠᠮᠵᠢᠯᠳᠠ ᠬᠤᠷᠢᠶᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号