2024 ᠣᠨ ᠤ ᠠᠵᠢᠯ ᠤᠨ ᠪᠠᠶᠢᠷᠢᠯᠠᠭᠤᠯᠤᠯᠳᠠ — ᠨᠢᠭᠡ
ᠨᠡᠶᠢᠲᠡᠯᠡᠭᠰᠡᠨ ᠴᠠᠭ᠄
2024/1/29
    ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠳᠦᠷᠰᠦ ᠪᠠᠶᠢᠳᠠᠯ ᠢ   ᠢᠯᠡᠷᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠢᠵᠠᠭᠠᠷᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 98 ᠲᠦᠮᠡᠨ ᠮᠦ ᠠᠴᠠ ᠳᠡᠭᠡᠭᠰᠢ  ᠪᠠᠶᠢᠯᠭᠠᠨ᠂ ᠤᠨᠠᠯᠲᠠ ᠶᠢ 33 ᠲᠦᠮᠡᠨ ᠲᠣᠨ ᠣᠷᠴᠢᠮ ᠳᠤ ᠲᠤᠭᠳᠠᠪᠤᠷᠢᠵᠢᠭᠤᠯᠤᠨ᠎ᠠ᠃ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂  ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ 200 ᠮᠤ᠋᠂ ᠡᠬᠡᠯᠵᠢᠯᠡᠨ ᠲᠠᠷᠢᠬᠤ ᠲᠠᠷᠢᠶᠠᠨ ᠭᠠᠵᠠᠷ 10 ᠲᠦᠮᠡᠨ ᠮᠤ᠋   ᠶᠢ ᠰᠢᠨ᠎ᠡ ᠪᠠᠷ ᠨᠡᠮᠡᠭᠳᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 13.5 ᠲᠦᠮᠡᠨ ᠮᠤ᠋ ᠶᠢ ᠪᠠᠶᠢᠭᠤᠯᠵᠤ᠂  ᠤᠯᠤᠰ᠂ ᠣᠷᠣᠨ ᠤ ᠤᠰᠤ ᠠᠷᠪᠢᠯᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠠᠵᠢᠯ ᠢ ᠡᠬᠢᠯᠡᠬᠦᠯᠦᠨ᠎ᠡ᠃    ᠪᠤᠤᠴᠠᠩ ᠪᠠᠯᠭᠠᠰᠤᠨ ᠤ ᠢᠳᠡᠰᠢᠨ ᠨᠣᠭᠤᠭ᠎ᠠ ᠬᠠᠳᠠᠭᠠᠯᠠᠬᠤ ᠰᠠᠭᠤᠷᠢᠨ ᠭᠠᠵᠠᠷ ᠤᠨ ᠠᠭᠠᠷ ᠲᠣᠬᠢᠷᠠᠭᠤᠯᠬᠤ ᠬᠥᠮᠥᠷᠭᠡ᠂ ᠵᠦᠩ ᠬᠤᠸᠠ MAP ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠢ ᠡᠷᠡᠮᠡᠯᠵᠡᠯᠡᠨ ᠮᠡᠳᠡᠬᠦᠯᠦᠨ᠎ᠡ᠃   ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠦᠬᠦᠭᠡᠷᠦᠮᠵᠢᠳᠦ ᠮᠠᠯ ᠠᠵᠤ ᠠᠬᠤᠢ ᠪᠠ ᠮᠢᠬᠠᠨ ᠤ ᠦᠬᠡᠷ  ᠬᠠᠰᠢᠶᠠᠯᠠᠨ ᠲᠡᠵᠢᠬᠡᠬᠦ ᠶᠢ ᠶᠡᠬᠡᠪᠡᠷ ᠬᠥᠭᠵᠢᠭᠦᠯᠵᠦ᠂ 4 ᠲᠦᠮᠡᠨ ᠬᠠᠪᠳᠠᠭᠠᠢ ᠳᠥᠷᠪᠡᠯᠵᠢᠨ ᠮᠧᠲᠷ  ᠬᠠᠰᠢᠶ᠎ᠠ ᠰᠠᠷᠠᠪᠴᠢ᠂ 2.3 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 2.8 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠤᠨ᠎ᠠ᠃  ︽ᠪᠡᠯᠴᠢᠭᠡᠷᠯᠡᠭᠦᠯᠬᠦ +  ᠪᠣᠷᠳᠤᠭ᠎ᠠ ᠨᠥᠬᠦᠪᠦᠷᠢᠯᠡᠬᠦ︾ ︽ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ ᠮᠠᠯᠵᠢᠵᠤ ᠪᠤᠷᠳᠤᠨ ᠲᠡᠵᠢᠬᠡᠬᠦ︾ ᠵᠠᠭᠪᠤᠷ ᠢ ᠬᠡᠷᠡᠭᠵᠢᠭᠦᠯᠵᠦ᠂ 25 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠵᠤ᠂ ᠠᠮᠤ ᠪᠤᠳᠠᠭ᠎ᠠ ᠶᠢ ᠲᠡᠵᠢᠬᠡᠯ ᠪᠣᠷᠳᠤᠭ᠎ᠠ ᠪᠣᠯᠭᠠᠨ ᠥᠭᠡᠷᠡᠴᠢᠯᠡᠬᠦ  6 ᠲᠦᠮᠡᠨ ᠮᠦ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂  2.5 ᠲᠦᠮᠡᠨ ᠲᠤᠯᠤᠭᠠᠢ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ᠂ 1 ᠲᠦᠮᠡᠨ ᠲᠤᠯᠤᠭᠠᠢ  ᠮᠢᠬᠠᠨ ᠤ ᠦᠬᠡᠷ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠎ᠠ᠃ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠂  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ  ᠮᠠᠯᠵᠢᠯ ᠤᠨ ᠲᠣᠭᠤᠷᠢᠭ 6 ᠶᠢ ᠪᠠᠶᠢᠭᠤᠯᠵᠤ᠂  ᠲᠤᠰᠬᠠᠢ ᠬᠤᠷᠰᠢᠶᠠᠵᠢᠯ 5᠂ ᠭᠡᠷ ᠪᠦᠯᠢ ᠶᠢᠨ ᠮᠠᠯᠵᠢᠯ ᠤᠨ ᠲᠠᠯᠠᠪᠠᠶ 30   ᠶᠢ ᠪᠠᠶᠢᠭᠤᠯᠤᠨ᠎ᠠ᠃ ︽ᠨᠠᠷᠠᠲᠤ  ᠲᠡᠮᠳᠡᠭ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ᠂ ᠨᠠᠷᠠᠲᠤ ᠲᠡᠮᠳᠡᠭ ᠤᠨ ᠪᠠᠷᠢᠮᠵᠢᠶᠠᠵᠢᠭᠰᠠᠨ ᠪᠠᠶᠢᠭᠤᠯᠤᠯᠲᠠ ᠵᠡᠷᠭᠡ ᠭᠤᠭᠴᠤᠭ᠎ᠠ ᠶᠢ ᠦᠷᠭᠦᠯᠵᠢᠯᠡᠨ ᠲᠦᠷᠢᠮᠵᠢᠬᠦᠯᠵᠦ᠂ 4 ᠪᠦᠳᠦᠭᠡᠭᠳᠡᠬᠦᠨ ᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠬᠦᠯᠦᠨ᠂ 1 ᠪᠦᠳᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ  ᠢᠶᠠᠷ ᠡᠷᠡᠮᠡᠯᠵᠡᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯᠠᠪᠠᠷ ᠠᠬᠢᠭᠤᠯᠤᠨ᠎ᠠ᠃ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠶᠠᠳᠠᠭᠤᠷᠠᠬᠤ  ᠬᠤᠷᠢᠭ᠎ᠠ ᠱᠤᠭᠤᠮ ᠢ ᠡᠷᠡᠰ ᠰᠠᠬᠢᠵᠤ᠂ ᠣᠷᠣᠯᠭ᠎ᠠ ᠪᠠᠭᠠᠲᠠᠢ ᠬᠥᠮᠥᠨ ᠠᠮᠠ ᠪᠠ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠢ  ᠰᠠᠶᠢᠳᠤᠷ ᠠᠩᠬᠠᠷᠤᠨ᠂ ︽ᠭᠤᠷᠪᠠ ᠶᠢ ᠪᠠᠲᠤᠯᠠᠬᠤ︾ ᠵᠢᠴᠢ ᠤᠰᠤ ᠤᠮᠳᠠ ᠶᠢᠨ ᠠᠮᠤᠷ ᠲᠦᠪᠰᠢᠨ ᠢ ᠭᠤᠣᠯᠳᠠᠯᠭ᠎ᠠ ᠲᠠᠢ ᠠᠩᠬᠠᠷᠴᠤ᠂  ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠣᠷᠣᠯᠭ᠎ᠠ  ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠷᠲᠡ ᠠᠴᠠ ᠢᠯᠡᠷᠡᠭᠦᠯᠵᠦ᠂ ᠡᠷᠲᠡ ᠠᠴᠠ ᠲᠡᠳᠬᠦᠬᠦ ᠶᠢ  ᠪᠡᠶᠡᠯᠡᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ  ᠲᠤᠷᠰᠢᠯᠭ᠎ᠠ ᠶᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ 1᠂ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 3 ᠶᠢ  ᠪᠠᠶᠢᠭᠤᠯᠤᠨ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠬᠦᠷᠢᠶ᠎ᠡ ᠬᠠᠰᠢᠶᠠᠨ ᠤ ᠣᠨᠴᠠᠯᠢᠭᠲᠤ ᠳᠠᠷᠢᠵᠤ ᠮᠠᠯᠵᠢᠬᠤ ᠦᠢᠯᠡᠰ᠂ ᠰᠡᠯᠡᠭᠦᠴᠡᠯ ᠵᠢᠭᠤᠯᠴᠢᠯᠠᠯ ᠤᠨ ᠦᠢᠯᠡᠰ ᠵᠡᠷᠭᠡ  ᠶᠢ ᠶᠡᠬᠡᠪᠡᠷ ᠬᠦᠭᠵᠢᠬᠦᠯᠦᠨ᠂ ︽ᠭᠡᠷ ᠪᠦᠯᠢ︾ ᠪᠠ ︽ᠬᠦᠷᠢᠶ᠎ᠡ ᠬᠠᠰᠢᠶ᠎ᠠ︾ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠵᠢᠱᠢᠶ᠎ᠡ ᠦᠵᠡᠭᠦᠯᠬᠦ ᠲᠣᠰᠬᠤᠨ 2᠂ ᠵᠢᠱᠢᠶ᠎ᠡ ᠦᠵᠡᠭᠦᠯᠬᠦ ᠡᠷᠦᠬᠡ 95 ᠶᠢ  ᠪᠠᠶᠢᠭᠤᠯᠤᠨ᠂  ︽ᠢᠮᠠᠬᠤ ᠶᠢᠨ ᠲᠡᠳᠦᠢ ᠭᠠᠵᠠᠷ︾ ᠢ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ︽ᠡᠷᠳᠡᠨᠢ ᠶᠢᠨ ᠰᠠᠪᠠ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠬᠤᠪᠢ ᠬᠤᠷᠠᠮᠳᠤᠭᠤᠯᠬᠤ ᠳᠦᠷᠢᠮ᠂ ᠨᠠᠷᠢᠨ ᠲᠠᠩᠰᠠ ᠶᠢᠨ ᠳᠦᠷᠢᠮ ᠤᠨ ᠵᠠᠰᠠᠯᠳᠠ  ᠶᠢᠨ ᠵᠠᠭᠪᠤᠷ ᠢ ᠪᠥᠬᠦ ᠲᠠᠯ᠎ᠠ ᠪᠠᠷ ᠲᠡᠯᠬᠡᠷᠡᠬᠦᠯᠦᠨ᠂ ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ ᠡᠷᠦᠬᠡ᠂ ᠲᠠᠪᠤᠨ ᠰᠠᠶᠢᠨᠲᠠᠢ ᠭᠡᠷ ᠪᠦᠯᠢ  ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ᠂ ᠵᠠᠩ ᠳᠠᠳᠬᠠᠯ ᠤᠨ ᠦᠬᠡᠷᠡᠴᠢᠯᠡᠯᠳᠡ ᠶᠢ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢ ᠨᠠᠩ ᠬᠦᠴᠦᠷᠬᠡᠭ᠂  ᠲᠠᠷᠢᠶᠠᠯᠠᠬᠤ ᠮᠠᠯᠵᠢᠬᠤ ᠣᠷᠣᠨ ᠢ ᠨᠠᠩ ᠦᠵᠡᠰᠬᠦᠯᠡᠩ᠂ ᠲᠠᠷᠢᠶᠠᠴᠢᠨ ᠮᠠᠯᠴᠢᠨ  ᠢ ᠨᠠᠩ ᠪᠠᠶᠠᠨ ᠴᠢᠨᠡᠭᠡᠯᠢᠭ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号