2024 ᠣᠨ ᠤ ᠠᠵᠢᠯ ᠤᠨ ᠪᠠᠶᠢᠷᠢᠯᠠᠭᠤᠯᠤᠯᠳᠠ — ᠭᠤᠷᠪᠠ
ᠨᠡᠶᠢᠲᠡᠯᠡᠭᠰᠡᠨ ᠴᠠᠭ᠄
2024/1/29
  ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃  ︽ᠬᠠᠭᠠᠨ ᠤ ᠠᠳᠤᠭᠤᠨ ᠵᠤᠰᠠᠭᠠᠯ︾ ᠤᠨ ᠵᠢᠭᠤᠯᠴᠢᠯᠠᠭᠴᠢᠳ ᠲᠤ ᠦᠢᠯᠡᠴᠢᠯᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠨ ᠬᠢᠵᠦ᠂ ︽ᠬᠠᠭᠠᠨ ᠤ ᠠᠳᠤᠭᠤᠨ ᠵᠤᠰᠠᠭᠠᠯ︾  ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠵᠢᠭᠤᠯᠴᠢᠯᠠᠭᠴᠢᠳ ᠢ ᠲᠥᠪᠯᠡᠷᠡᠭᠦᠯᠦᠨ ᠲᠠᠷᠬᠠᠭᠠᠬᠤ ᠲᠥᠪ᠂ ᠤᠯᠠᠭᠠᠨᠮᠥ᠋ᠴᠢᠷ ᠤᠨ ᠤᠷᠠᠯᠢᠭ ᠤᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ᠂  ᠭᠡᠷ ᠪᠦᠯᠢ ᠶᠢᠨ ᠪᠠᠭᠤᠳᠠᠯ ᠮᠠᠶ᠋ᠢᠭᠳᠤ  ᠤᠨᠴᠠᠯᠢᠭᠳᠤ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠠᠮᠵᠢᠯᠠᠯᠲᠤ ᠵᠠᠩ ᠳᠠᠳᠬᠠᠯ ᠰᠣᠶᠣᠯ ᠢᠷᠭᠡᠨᠰᠢᠯ ᠤᠨ ᠲᠣᠭᠤᠷᠢᠨ ᠳᠤ᠂ ᠣᠨᠴᠠᠯᠢᠭᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠦᠷᠭᠦᠯᠵᠢᠯᠡᠨ ᠪᠣᠶ ᠪᠣᠯᠭᠠᠵᠤ᠂ ︽ᠬᠤᠭᠤᠯᠠ  ᠬᠤᠨᠤᠭ ᠠᠶᠠᠯᠠᠯ ᠵᠢᠭᠤᠯᠴᠢᠯᠠᠯ ᠬᠤᠳᠠᠯᠳᠤᠭ᠎ᠠ ᠨᠠᠭᠠᠳᠤᠮ  ︾  ᠵᠡᠷᠭᠡ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠣᠭᠴᠠᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠎ᠡ᠃  ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠬᠤ ᠶᠢᠨ ᠲᠣᠭᠤᠷᠢᠨ ᠳᠤ᠂  ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠵᠦ᠂  ᠠᠳᠤᠭᠤ ᠶᠢ ᠦᠨ᠎ᠡ ᠬᠠᠶᠠᠨ ᠬᠤᠳᠠᠯᠳᠤᠬᠤ᠂ ᠮᠣᠷᠢᠨ ᠮᠡᠷᠭᠡᠵᠢᠯ ᠤᠨ ᠪᠣᠯᠪᠠᠰᠤᠷᠠᠯ᠂ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠢ ᠰᠦᠪᠡᠭᠴᠢᠯᠡᠨ᠎ᠡ᠃ ᠭᠠᠵᠠᠷ ᠰᠢᠨᠵᠢᠯᠡᠭᠡᠨ ᠤ ᠰᠤᠳᠤᠯᠭᠠᠨ ᠤ ᠲᠣᠭᠤᠷᠢᠨ ᠳᠤ ᠬᠠᠨ᠎ᠠ ᠬᠠᠳᠠ ᠶᠢᠨ ᠦᠵᠡᠮᠵᠢ ᠶᠢᠨ ᠣᠷᠣᠨ ᠢ  ᠪᠠᠶᠢᠭᠤᠯᠵᠤ᠂  ︽ᠠᠵᠤ ᠦᠢᠯᠡᠳᠪᠦᠷᠢ +︾ ᠶᠢᠨ ᠲᠣᠭᠤᠷᠢᠨ ᠳᠤ ᠠᠵᠤ ᠦᠢᠯᠡᠳᠪᠦᠷᠢ ᠶᠢᠨ ᠵᠢᠭᠤᠯᠴᠢᠯᠠᠯ ᠢ ᠡᠬᠦᠳᠦᠨ᠂ ᠠᠵᠤ ᠠᠬᠤᠶᠢᠯᠠᠯ ᠳᠤ ᠲᠦᠰᠢᠭᠯᠡᠵᠦ ︽ᠠᠯᠮᠠᠰ ᠤᠨ ᠵᠢᠵᠢᠭ ᠪᠠᠯᠭᠠᠰᠤ ︾ ᠶᠢ  ᠪᠠᠶᠢᠭᠤᠯᠤᠨ᠎ᠠ᠃  ︽ᠪᠠᠭ᠎ᠠ ᠶᠠᠪᠤᠳᠠᠯ ᠢ ᠶᠡᠭᠡ ᠪᠤᠯᠭᠠᠵᠤ᠂ ᠪᠠᠶᠢᠬᠤ ᠦᠬᠡᠢ ᠪᠠᠶᠢᠭᠰᠠᠨ ᠢ ᠪᠤᠢ ᠪᠤᠯᠭᠠᠬᠤ︾ ᠰᠡᠳᠬᠢᠮᠵᠢ ᠶᠢᠨ ᠲᠤᠭᠤᠷᠢᠨ ᠳᠤ᠂ ᠶᠤᠤᠮᠠᠢ ᠶᠢᠨ ᠭᠤᠯᠢᠷ ᠤᠨ ᠠᠮᠳᠠᠳᠤ ᠢᠳᠡᠭᠡᠨ ᠤ ᠤᠷᠤᠯᠳᠤᠭᠠᠨ᠂ ︽ᠴᠥᠩ ᠯᠢ ᠳᠤ ᠨᠠᠭᠠᠳᠤᠭᠠᠳ ᠲᠠᠶᠢᠹᠤᠰᠧ ᠳᠤ ᠵᠢᠭᠤᠯᠴᠢᠯᠠᠬᠤ︾  ᠂ ︽ ᠪᠤᠤᠴᠠᠩ ᠳᠤ ᠬᠦᠷᠴᠦ  ᠪᠠᠶᠠᠷ ᠲᠠᠢ ᠰᠢᠨᠡᠯᠡᠬᠦ︾  ᠂ ︽ᠲᠠᠶᠢᠹᠤᠰᠧ ᠬᠤᠰᠢᠭᠤᠨ ᠠᠴᠠ ᠠᠯᠮᠠᠰ ᠴᠢᠯᠠᠭᠤ ᠬᠤᠳᠠᠯᠳᠤᠨ ᠠᠪᠬᠤ︾  ᠬᠡᠬᠦ ᠮᠡᠳᠦ ᠶᠢᠨ ᠨᠡᠷᠡᠳᠦ ᠲᠡᠮᠳᠡᠭ ᠤᠨ ᠠᠵᠢᠯᠯᠠᠭ᠎ᠠ   ᠶᠢ  ᠦᠷᠨᠢᠬᠦᠯᠦᠨ᠂  ᠭᠠᠳᠠᠭᠰᠢ ᠬᠠᠨᠳᠤᠭᠰᠠᠨ ᠤᠬᠠᠭᠤᠯᠭ᠎ᠠ ᠪᠣᠷᠤᠯᠠᠭᠤᠯᠭ᠎ᠠ ᠪᠠᠨ ᠴᠢᠩᠭᠠᠳᠬᠠᠵᠤ᠂  ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠦᠨ᠂  ᠲᠠᠶᠢᠹᠤᠰᠧ ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠨ ᠣᠶᠢᠷ᠎ᠠ ᠲᠦᠷᠪᠡᠨ ᠤᠯᠠᠷᠢᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠬᠠᠷᠠᠯᠲᠠᠲᠤ ᠤᠷᠤᠨ ᠪᠤᠯᠭᠠᠵᠤ  ᠪᠠᠶᠢᠭᠤᠯᠬᠤ ᠭᠡᠷᠡᠭᠳᠡᠢ  ᠃  ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠲᠥᠪᠯᠡᠷᠡᠩᠭᠦᠢ ᠬᠡᠷᠡᠭᠯᠡᠭᠡᠨ ᠤ ᠲᠥᠪ ᠵᠡᠭᠡᠯᠢ ᠶᠢ ᠪᠠᠶᠢᠭᠤᠯᠬᠤ ᠶᠢᠨ ᠲᠣᠭᠤᠷᠢᠨ ᠳᠤ᠂ ᠣᠯᠠᠨ ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ᠂ ᠣᠯᠠᠨ  ᠶᠠᠩᠵᠤ ᠬᠡᠯᠪᠡᠷᠢ ᠶᠢᠨ ᠬᠡᠷᠡᠭᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂  ᠦᠷᠯᠦᠭᠡ ᠤᠷᠤᠢ ᠶᠢᠨ ᠵᠠᠬ᠎ᠠ ᠳᠡᠯᠭᠡᠭᠦᠷ᠂  ᠭᠡᠷ ᠤᠨ ᠶᠠᠪᠤᠳᠠᠯ ᠠᠳᠠᠯ ᠠᠬᠤᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠫᠢᠸᠤ᠋ ᠶᠢᠨ ᠨᠠᠶᠢᠷ᠂ ᠠᠮᠲᠠᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠶᠢ ᠡᠷᠭᠢᠯᠡᠨ᠂ ᠠᠷᠠᠯᠵᠢᠶᠠᠴᠢᠨ ᠪᠠ ᠠᠷᠠᠳ ᠢᠷᠭᠡᠳ ᠤᠨ ᠣᠷᠣᠯᠴᠠᠬᠤ  ᠤᠷᠮᠠᠰᠢᠯ ᠢ ᠲᠠᠶᠢᠴᠢᠯᠠᠵᠤ᠂ ᠨᠠᠩ ᠶᠡᠭᠡ ᠬᠡᠷᠡᠭᠯᠡᠭᠡᠨ ᠤ ᠳᠠᠯᠳᠠ ᠬᠦᠴᠦᠨ ᠢ  ᠪᠠᠳᠠᠷᠠᠭᠤᠯᠤᠨ᠎ᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ   ᠤ ᠬᠤᠲᠠ ᠳᠤ ᠤᠷᠤᠬᠤ ᠶᠢ ᠢᠳᠡᠪᠬᠢᠲᠡᠢ ᠠᠬᠢᠭᠤᠯᠤᠨ᠂  ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ   ᠤ ᠪᠤᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠦᠷᠭᠡᠳᠭᠡᠬᠦ ᠭᠡᠷᠡᠭᠳᠡᠢ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠰᠦᠯᠵᠢᠶᠡᠨ ᠤᠳᠤᠨ ᠤ ᠠᠵᠤ ᠠᠬᠤᠢ᠂ ᠰᠢᠭᠤᠳ  ᠨᠡᠪᠳᠡᠷᠡᠬᠦᠯᠭᠡ  ᠶᠢᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠨᠠᠩ ᠣᠯᠠᠨ ᠵᠠᠯᠠᠭᠤᠴᠤᠳ ᠤᠨ  ᠦᠢᠯᠡᠰ ᠪᠦᠳᠦᠬᠡᠵᠦ ᠠᠵᠢᠯ ᠣᠯᠬᠤ ᠶᠢ ᠲᠠᠶᠢᠴᠢᠯᠠᠨ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠲᠤ ᠬᠦᠷᠭᠡᠨ᠎ᠡ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号