2024 ᠣᠨ ᠤ ᠠᠵᠢᠯ ᠤᠨ ᠪᠠᠶᠢᠷᠢᠯᠠᠭᠤᠯᠤᠯᠳᠠ — ᠳᠥᠷᠪᠡ
ᠨᠡᠶᠢᠲᠡᠯᠡᠭᠰᠡᠨ ᠴᠠᠭ᠄
2024/1/29
   ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠨ᠎ᠡ᠃ ᠬᠤᠳᠠ ᠪᠠᠯᠭᠠᠰᠤᠨ ᠤ ᠵᠠᠰᠠᠵᠤ ᠰᠢᠨᠡᠳᠬᠡᠬᠦ ᠠᠵᠢᠯᠯᠠᠭ᠎ᠠ ᠶᠢ ᠠᠬᠢᠭᠤᠯᠤᠨ᠎ᠠ᠃ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠬᠤᠲᠠ ᠶᠢᠨ ᠲᠣᠭᠤᠷᠢᠭ ᠤᠨ  ᠦᠶᠡᠷ ᠢ ᠰᠡᠷᠭᠡᠶᠢᠯᠡᠬᠦ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠤᠣᠯᠳᠠᠯᠭ᠎ᠠ ᠲᠠᠢ ᠵᠠᠮ ᠤᠨ ᠬᠡᠰᠡᠭ ᠤᠨ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠤᠤᠷ ᠬᠤᠭᠤᠯᠠᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠡᠬᠢᠯᠡᠭᠦᠯᠵᠦ᠂  12.1 ᠺᠢᠯᠣᠮᠧᠲᠷ ᠤᠰᠤ ᠭᠠᠳᠠᠭᠰᠢᠯᠠᠭᠤᠯᠬᠤ ᠬᠤᠭᠤᠯᠠᠢ  ᠂ 11.2 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠨ᠂ 50 ᠺᠢᠯᠣᠮᠧᠲᠷ ᠬᠤᠲᠠ ᠶᠢᠨ ᠵᠠᠮ ᠢ  ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠢᠨ ᠬᠠᠮᠳᠤ᠂ ᠳᠡᠭᠡᠳᠦ ᠱᠠᠲᠤᠨ ᠤ ᠪᠡᠯᠡ ᠮᠥᠩᠭᠦ ᠶᠢ ᠣᠯᠵᠤ ᠪᠠᠶᠢᠭᠠᠳ ᠢᠯᠴᠢ ᠬᠠᠩᠭᠠᠬᠤ ᠬᠤᠭᠤᠯᠠᠢ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠ ᠬᠠᠭᠤᠴᠢᠨ  ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠬᠢᠨ᠎ᠡ᠃  ᠲᠤᠰ ᠵᠢᠯ  ᠳᠤ ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ  ᠤᠷᠤᠨ ᠰᠠᠭᠤᠴᠠ ᠶᠢᠨ ᠨᠡᠬᠦᠯᠬᠡᠨ ᠲᠦᠪᠬᠢᠨᠡᠬᠦᠯᠬᠦ ᠠᠵᠢᠯ  ᠪᠠ ᠳᠠᠪᠤᠰᠤᠨ ᠤ ᠦᠢᠯᠡᠰ ᠤᠨ ᠺᠣᠮᠫᠠᠨᠢ  ᠶᠢᠨ ᠨᠡᠭᠦᠯᠭᠡᠨ ᠪᠠᠶᠢᠭᠤᠯᠬᠤ ᠠᠵᠢᠯ ᠢ ᠬᠢᠵᠦ᠂   ᠴᠢᠯᠠᠭᠤᠨ ᠲᠣᠰᠣᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠶᠢ ᠨᠡᠭᠦᠯᠭᠡᠬᠦ  ᠠᠵᠢᠯ ᠢ ᠠᠬᠢᠭᠤᠯᠤᠨ᠎ᠠ᠃ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠢᠴᠢ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ᠂ ᠭᠤᠶᠣᠵᠢᠭᠤᠯᠤᠯᠲᠠ᠂ ᠭᠡᠷᠡᠯᠳᠦᠬᠦᠯᠭᠡ ᠶᠢ  ᠠᠬᠢᠭᠤᠯᠤᠨ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃   ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠲᠠ ᠶᠢᠨ ᠦᠩᠭᠡ ᠲᠦᠷᠬᠦ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠵᠤᠭᠰᠤᠭᠠᠬᠤ᠂ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠤᠪᠤᠭᠠᠯᠠᠬᠤ᠂ ᠳᠤᠷ᠎ᠠ ᠪᠠᠷ ᠢᠶᠠᠨ ᠬᠠᠶᠠᠬᠤ᠂ ᠵᠠᠮ ᠡᠵᠡᠯᠡᠨ ᠡᠵᠡᠩᠨᠡᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂  ᠬᠤᠳᠠ ᠶᠢᠨ ᠭᠤᠤᠯ ᠤᠨ ᠵᠠᠬ᠎ᠠ ᠳᠡᠯᠭᠡᠭᠦᠷ ᠂ ᠥᠷᠯᠥᠭᠡ ᠦᠳᠡᠰᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠠᠳᠠᠯ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ  ᠲᠦᠷᠢᠮᠵᠢᠬᠦᠯᠦᠨ ᠵᠠᠰᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ  ᠲᠡᠭᠡᠭᠰᠢᠯᠡᠬᠦᠯᠦᠨ᠎ᠡ᠃  ᠬᠤᠳᠠᠯᠳᠤᠭᠠᠨ ᠤ ᠭᠡᠷ ᠪᠠᠶᠢᠰᠢᠩ  ᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠵᠢᠴᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ ᠪᠤᠷᠤᠯᠠᠭᠤᠯᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠰᠢᠷᠤᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃  ᠲᠣᠰᠬᠤᠨ ᠱᠠᠲᠤᠨ ᠤ ᠵᠠᠮ ᠨᠡᠪᠲᠡᠷᠡᠯᠭᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 192 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ ᠾᠧᠢ ᠱᠠᠨ ᠮᠢᠶᠤᠤ ᠠᠴᠠ ᠰᠧ ᠯᠢᠶᠠᠨ ᠬᠦᠷᠬᠦ ᠵᠠᠮ ᠤᠨ ᠥᠭᠡᠷᠡᠴᠢᠯᠡᠯᠲᠡ ᠶᠢ ᠪᠡᠶᠡᠯᠡᠬᠦᠯᠦᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠲᠠᠢ ᠰᠢ ᠲᠡᠮᠦᠷ ᠵᠠᠮ ᠤᠨ  ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠴᠡᠪᠡᠷᠰᠢᠬᠦᠯᠦᠭᠰᠡᠨ ᠤᠰᠤᠨ ᠤ ᠠᠰᠢᠭᠯᠠᠯᠳᠠ᠂ ᠪᠤᠤᠴᠠᠩ ᠭᠤᠣᠯ  ᠤᠨ ᠵᠠᠰᠠᠯᠳᠠ ᠂   ᠲᠧᠦ ᠬᠤᠤ ᠲᠣᠰᠬᠤᠨ ᠤ  ᠦᠶᠡᠷ  ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 4᠂ ᠤᠰᠤ ᠴᠡᠪᠡᠷᠰᠢᠭᠦᠯᠬᠦ ᠲᠦᠬᠦᠭᠡᠷᠦᠮᠵᠢ  3 ᠶᠢ  ᠪᠠᠶᠢᠭᠤᠯᠤᠨ᠎ᠠ᠃ 35 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠪᠠᠭᠳᠠᠭᠠᠮᠵᠢ ᠶᠢ ᠶᠡᠬᠡᠰᠭᠡᠬᠦ ᠪᠠ 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ  ᠵᠡᠷᠭᠡ ᠶᠢ ᠰᠢᠨ᠎ᠡ ᠪᠠᠷ  ᠪᠠᠶᠢᠭᠤᠯᠤᠨ᠂ 358.6 ᠺᠢᠯᠣᠮᠧᠲᠷ ᠴᠠᠬᠢᠯᠭᠠᠨ ᠱᠤᠭᠤᠮ ᠢ ᠲᠠᠲᠠᠵᠤ᠂ 100 ᠰᠠᠤᠷᠢ ᠬᠦᠴᠦᠳᠡᠯ ᠥᠭᠡᠷᠡᠴᠢᠯᠡᠭᠴᠢ ᠶᠢ ᠥᠭᠡᠷᠡᠴᠢᠯᠡᠨ  ᠂  ᠱᠤ᠋ ᠭᠤᠸᠠᠩ ᠲᠤᠰᠬᠤᠨ ᠤ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ  ᠠᠰᠢᠭᠯᠠᠯᠲᠠ ᠳᠤ ᠣᠷᠣᠭᠤᠯᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ  ᠤᠨ ᠴᠠᠬᠢᠯᠭᠠᠨ ᠬᠠᠩᠭᠠᠬᠤ ᠲᠤᠰᠬᠠᠢ ᠱᠤᠭᠤᠮ ᠢ ᠨᠡᠬᠦᠯᠭᠡᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号