2024 ᠣᠨ ᠤ ᠠᠵᠢᠯ ᠤᠨ ᠪᠠᠶᠢᠷᠢᠯᠠᠭᠤᠯᠤᠯᠳᠠ — ᠲᠠᠪᠤ
ᠨᠡᠶᠢᠲᠡᠯᠡᠭᠰᠡᠨ ᠴᠠᠭ᠄
2024/1/29
   ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠨ ᠢ ᠰᠠᠶᠢᠨ ᠬᠢᠨ᠎ᠡ᠃  ᠤᠯᠤᠰ  ᠂ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂  ᠤᠯᠤᠰ ᠤᠨ ᠭᠤᠷᠪᠠᠳᠤᠭᠠᠷ ᠡᠭᠡᠯᠵᠢ ᠶᠢᠨ ᠪᠠᠶᠢᠴᠠᠭᠠᠯᠳᠠ᠂  ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ  ᠪᠠᠶᠢᠴᠠᠭᠠᠯᠳᠠ ᠶᠢ ᠤᠭᠳᠤᠬᠤ ᠳᠤ ᠰᠠᠭᠤᠷᠢ ᠲᠠᠯᠪᠢᠨ᠎ᠠ᠃ ᠰᠢᠲᠠᠮᠠᠬᠠᠢ ᠬᠡᠢ ᠳᠤ ᠬᠤᠯᠪᠤᠭᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠭᠠᠷ ᠤᠨ ᠴᠢᠨᠰᠠᠭ᠎ᠠ ᠰᠠᠶᠢᠨ ᠡᠳᠦᠷ ᠤᠨ ᠬᠠᠷᠢᠴᠠᠯ 90%   ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠪᠥᠬᠦ ᠬᠤᠰᠢᠭᠤᠨ ᠤ 92 ᠭᠤᠣᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢ  ᠪᠤᠳᠠᠳᠠᠶᠢᠵᠢᠭᠤᠯᠤᠨ᠂ ᠤᠰᠤᠨ ᠤ ᠣᠷᠴᠢᠨ ᠲᠣᠭᠤᠷᠢᠨ ᠤ ︽ᠵᠠᠰᠠᠬᠤ᠂ ᠪᠠᠶᠢᠭᠤᠯᠬᠤ᠂ ᠬᠠᠮᠢᠶᠠᠷᠬᠤ︾ ᠡᠯ᠎ᠡ  ᠲᠦᠷᠦᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠭᠡᠷᠡᠭᠵᠢᠬᠦᠯᠵᠦ᠂ ᠤᠰᠤᠨ ᠤ ᠡᠬᠢ ᠰᠤᠷᠪᠤᠯᠵᠢ ᠶᠢᠨ ᠣᠷᠣᠨ ᠤ ᠤᠰᠤᠨ ᠤ ᠴᠢᠨᠠᠷ ᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢᠨ ᠠᠰᠢᠭᠯᠠᠮᠵᠢ ᠶᠢ 85% ᠠᠴᠠ ᠳᠡᠭᠡᠭᠰᠢ ᠳᠤ ᠬᠦᠷᠭᠡᠨ᠎ᠡ᠃  ᠠᠮᠢ ᠠᠬᠤᠢ ᠶᠢᠨ ᠪᠠᠶᠢᠭᠤᠯᠤᠯᠲᠠ ᠶᠢ ᠪᠥᠬᠦ ᠲᠠᠯᠠᠪᠠᠷ ᠴᠢᠩᠭᠠᠳᠬᠠᠨ᠎ᠠ᠃ ᠬᠢᠨᠠᠨ ᠪᠠᠶᠢᠴᠠᠭᠠᠬᠤ ᠰᠠᠨᠠᠭᠤᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠳᠦᠷᠢᠮ ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ  ᠴᠢᠩᠭ᠎ᠠ ᠴᠡᠭᠴᠡᠯᠡᠨ ᠵᠠᠰᠠᠨ᠎ᠠ᠃ ᠨᠤᠲᠤᠭ ᠪᠡᠯᠴᠢᠭᠡᠷ ᠤᠢ ᠰᠢᠭᠤᠢ ᠶᠢᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠣᠷᠣᠨ ᠳᠤ ᠮᠠᠯ ᠪᠡᠯᠴᠢᠭᠡᠷᠯᠡᠬᠦᠯᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠣᠯ ᠮᠥᠷᠡᠨ ᠨᠠᠭᠤᠷ ᠴᠥᠭᠦᠷᠥᠮ  ᠤᠨ ︽ᠲᠦᠷᠪᠡ  ᠶᠢ ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯ ᠤᠨ ᠬᠠᠵᠠᠭᠤ ᠬᠠᠪᠢ ᠳᠤ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠰᠢᠯᠭ᠎ᠠ ᠲᠠᠯᠠᠩ ᠢ ᠳᠤᠷ᠎ᠠ ᠪᠠᠷ ᠢᠶᠠᠨ ᠮᠠᠯᠳᠠᠬᠤ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ᠎ᠡ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠵᠠᠰᠠᠯᠳᠠ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂  18.97 ᠲᠦᠮᠡᠨ ᠮᠦ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠤᠨ᠂ ᠳᠤᠷ᠎ᠠ ᠪᠠᠷ ᠢᠶᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠨᠡ ᠵᠢᠯ ᠳᠤ᠂ 40 ᠾᠧᠺᠲ᠋ᠠᠷ ᠠᠭᠤᠷᠬᠠᠢ  ᠶᠢᠨ ᠤᠷᠤᠨ ᠤ  ᠵᠠᠰᠠᠯᠲᠠ ᠶᠢ  ᠪᠡᠶᠡᠯᠡᠭᠦᠯᠵᠦ᠂ 25 ᠾᠧᠺᠲ᠋ᠠᠷ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ  ᠪᠡᠶᠡᠯᠡᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号