2024 ᠣᠨ ᠤ ᠠᠵᠢᠯ ᠤᠨ ᠪᠠᠶᠢᠷᠢᠯᠠᠭᠤᠯᠤᠯᠳᠠ — ᠵᠢᠷᠭᠤᠭ᠎ᠠ
ᠨᠡᠶᠢᠲᠡᠯᠡᠭᠰᠡᠨ ᠴᠠᠭ᠄
2024/1/29
  ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠦᠢᠯᠡᠴᠢᠯᠡᠬᠦ ᠠᠷᠠᠳ ᠢ ᠪᠠᠶᠠᠵᠢᠭᠤᠯᠬᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠲᠣᠪᠤᠶᠢᠯᠭᠠᠨ᠂ ᠳᠡᠭᠡᠳᠦ ᠰᠤᠷᠭᠠᠭᠤᠯᠢ ᠲᠡᠭᠦᠰᠦᠭᠰᠡᠳ᠂  ᠬᠦᠯᠦᠰᠦᠨ ᠠᠵᠢᠯᠴᠢᠳ᠂ ᠴᠡᠷᠢᠭ ᠠᠴᠠ ᠬᠠᠯᠠᠭᠳᠠᠭᠰᠠᠳ ᠂ ᠬᠤᠳᠠ ᠪᠠᠯᠭᠠᠰᠤᠨ ᠤ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ  ᠬᠦᠮᠦᠰ ᠲᠤ ᠠᠩᠬᠠᠷᠤᠯ ᠲᠠᠯᠪᠢᠵᠤ᠂ ᠠᠵᠢᠯ ᠣᠯᠭᠤᠯᠲᠠ ᠶᠢ   ᠲᠤᠭᠳᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠤᠳᠠ ᠪᠠᠯᠭᠠᠰᠤᠨ ᠤ 800 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ  ᠤᠯᠭᠤᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5 %  ᠳᠣᠲᠣᠷ᠎ᠠ ᠬᠢᠵᠠᠭᠠᠷᠯᠠᠨ᠎ᠠ᠃   ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ᠎ᠠ᠃ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠯᠦᠰᠦᠨ ᠠᠵᠢᠯᠴᠢᠳ ᠤᠨ ︽ᠬᠦᠴᠦ ᠬᠦᠳᠡᠯᠮᠦᠷᠢ ᠶᠢᠨ ᠬᠠᠷᠠᠮᠵᠢ  ︾ ᠶᠢ ᠡᠷᠡᠰ ᠬᠠᠮᠠᠭᠠᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠭᠡᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠦᠭᠵᠢᠬᠦᠯᠵᠦ᠂ ︽ ᠨᠠᠰᠤᠳᠠᠳ ᠨᠢᠯᠬᠠᠰ︾ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠬᠦᠮᠦᠰ᠂ ᠣᠨᠴᠠ ᠬᠦᠴᠢᠷᠳᠡᠯ ᠲᠠᠢ ᠬᠦᠮᠦᠰ᠂  ᠨᠠᠰᠤᠨ ᠬᠤᠳᠤᠭ ᠦᠨᠳᠦᠷ ᠬᠦᠮᠦᠰ ᠪᠠ  ᠵᠡᠮᠳᠡᠭ ᠬᠦᠮᠦᠰ ᠵᠡᠷᠭᠡ ᠶᠢᠨ ᠠᠮᠢᠳᠤᠷᠠᠯ ᠤᠨ  ᠪᠠᠳᠤᠯᠠᠭᠠᠨ ᠤ ᠠᠵᠢᠯ ᠢ ᠬᠢᠨᠠᠮᠠᠭᠠᠢ ᠰᠠᠶᠢᠨ ᠠᠳᠬᠤᠵᠤ᠂ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠂ ᠡᠮᠡᠭᠲᠡᠶᠢᠴᠦᠳ ᠬᠡᠦᠬᠡᠳ ᠪᠠᠭᠠᠴᠤᠳ᠂ ᠨᠠᠰᠤᠨ ᠳᠤ ᠦᠯᠤ ᠬᠥᠷᠦᠭᠰᠡᠳ ᠢ ᠬᠠᠯᠠᠮᠵᠢᠯᠠᠨ ᠬᠠᠶᠢᠷᠠᠯᠠᠬᠤ ᠪᠠ  ᠲᠡᠳᠡᠨ ᠤ ᠡᠷᠬᠡ ᠠᠰᠢᠭ ᠢ  ᠬᠠᠮᠠᠭᠠᠯᠠᠬᠤ ᠪᠠᠨ ᠴᠢᠩᠭᠠᠳᠬᠠᠵᠤ᠂ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠭᠦᠨᠵᠡᠭᠡᠢ ᠭᠡᠷᠡᠭᠵᠢᠬᠦᠯᠦᠨ᠂ ᠵᠠᠯᠠᠭᠤᠴᠤᠳ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂  ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠴᠢᠨᠳᠠᠷ ᠲᠠᠯᠪᠢᠬᠤ ᠲᠦᠬᠦᠭᠡᠷᠦᠮᠵᠢ ᠶᠢᠨ ᠪᠠᠶᠢᠭᠤᠯᠤᠯᠳᠠ ᠶᠢ ᠠᠬᠢᠭᠤᠯᠤᠨ᠂ ᠣᠷᠣᠰᠢᠭᠤᠯᠭ᠎ᠠ ᠶᠢᠨ  ᠤᠷᠳᠤᠨ ᠢ ᠥᠷᠭᠡᠳᠬᠡᠨ ᠪᠠᠶᠢᠭᠤᠯᠵᠤ ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ ᠃ ᠬᠤᠳᠠ ᠪᠠᠯᠭᠠᠰᠤᠨ ᠤ ᠴᠡᠪᠡᠷᠯᠡᠭᠡ ᠶᠢᠨ ᠲᠦᠬᠦᠭᠡᠷᠦᠮᠵᠢ ᠪᠠ ᠨᠡᠶᠢᠲᠡ ᠶᠢᠨ ᠮᠠᠰᠢᠨ ᠢ ᠨᠡᠮᠡᠵᠦ ᠨᠦᠬᠦᠪᠦᠷᠢᠯᠡᠨ᠂  ᠮᠠᠰᠢᠨᠴᠢᠯᠠᠭᠰᠠᠨ ᠴᠡᠪᠡᠷᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠬᠦᠯᠦᠨ᠎ᠡ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ ᠬᠦᠷᠭᠡᠬᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ︽ᠬᠤᠶᠠᠷ ᠢ ᠬᠦᠩᠭᠡᠷᠡᠬᠦᠯᠬᠦ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ᠂  ᠵᠢᠭᠠᠬᠤ ᠶᠢ ᠰᠤᠳᠤᠯᠬᠤ ᠭᠤᠷᠪᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂  ᠨᠢᠬᠡᠳᠦᠭᠡᠷ ᠹᠷᠣᠨᠲ ᠲᠤ ᠳᠤᠲᠠᠭᠳᠠᠵᠤ ᠪᠠᠶᠢᠭ᠎ᠠ 30 ᠪᠠᠭᠰᠢ ᠶᠢ ᠤᠷᠢᠵᠤ ᠣᠷᠣᠭᠤᠯᠤᠨ  ᠂ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ᠂  ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠳᠤᠮᠳᠠᠳᠤ ᠰᠤᠷᠭᠠᠭᠤᠯᠢ ᠶᠢᠨ ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠨ᠎ᠠ᠃ 2 ᠰᠢᠶᠠᠩ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ᠂ 1 ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ 1 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ ᠲᠠᠯᠠᠪᠠᠶ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠡᠨᠡ  ᠵᠢᠯ ᠳᠡᠭᠡᠨ ᠠᠰᠢᠭᠯᠠᠯᠲᠠ ᠳᠤ ᠤᠷᠤᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠳᠠ ᠶᠢ ᠠᠬᠢᠭᠤᠯᠬᠤ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢ ᠡᠬᠢᠯᠡᠬᠦᠯᠦᠨ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠬᠢᠴᠢᠶᠡᠯ ᠲᠦᠷᠦᠯ ᠳᠤ ᠲᠡᠯᠭᠡᠷᠡᠬᠦᠯᠦᠨ ᠭᠡᠷᠡᠭᠯᠡᠨ᠎ᠡ᠃  ᠡᠮᠴᠢᠯᠡᠭᠡᠨ ᠤ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ  ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ  ᠶᠡᠷᠦᠩᠬᠡᠶᠢᠯᠡᠭᠰᠡᠨ ᠠᠰᠠᠷ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠡᠮᠴᠢᠯᠡᠭᠡᠨ ᠤ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂  ᠬᠤᠰᠢᠭᠤᠨ ᠳᠣᠲᠣᠷ᠎ᠠ ᠪᠠᠨ ᠨᠠᠩ ᠥᠨᠳᠥᠷ ᠬᠢᠷᠢ ᠲᠦᠪᠰᠢᠨ ᠪᠦᠬᠦᠢ ᠤᠨᠤᠰᠢᠯᠠᠯᠳᠠ ᠪᠠ ᠡᠮᠴᠢᠯᠡᠭᠡ ᠬᠢᠵᠦ ᠦᠢᠯᠡᠴᠢᠯᠡᠭᠡ ᠲᠠᠢ ᠪᠤᠯᠭᠠᠵᠤ᠂ ᠤᠯᠠᠨ ᠲᠦᠮᠡᠨ ᠳᠤ ᠲᠦᠬᠦᠮ ᠦᠵᠡᠬᠦᠯᠦᠨ᠎ᠡ᠃ ᠰᠣᠶᠣᠯ ᠲᠠᠮᠢᠷ ᠤᠨ ᠦᠢᠯᠡᠰ ᠢ ᠬᠦᠴᠦᠯᠡᠨ ᠬᠦᠭᠵᠢᠬᠦᠯᠦᠨ᠎ᠡ᠃ ᠠᠷᠢᠬᠢᠨ ᠤ ᠰᠣᠶᠣᠯ ᠤᠨ ᠮᠦᠽᠧᠢ ᠶᠢᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠳ᠋ᠦᠩ ᠵᠢᠶᠤᠤ  ᠪᠡᠶ᠎ᠡ ᠴᠢᠭᠢᠷᠠᠭᠵᠢᠭᠤᠯᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ ᠠᠰᠢᠭᠯᠠᠯᠲᠠ ᠳᠤ  ᠤᠷᠤᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠠᠬᠢᠭᠤᠯᠤᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ  ᠴᠢᠳᠠᠪᠤᠷᠢ ᠶᠢ ᠨᠡᠮᠡᠭᠳᠡᠭᠦᠯᠦᠨ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠤᠭᠰᠠᠨ ᠨᠠᠩ ᠣᠯᠠᠨ ᠰᠢᠯᠢᠳᠡᠭ ᠪᠦᠲᠦᠭᠡᠯ ᠢ ᠵᠤᠬᠢᠶᠠᠨ ᠪᠦᠳᠦᠭᠡᠵᠦ᠂ ᠠᠷᠠᠳ ᠲᠤ ᠠᠰᠢᠭ ᠬᠦᠷᠲᠡᠭᠡᠬᠦ  ᠤᠳᠬ᠎ᠠ ᠤᠷᠠᠯᠢᠭ ᠤᠨ ᠲᠣᠭᠯᠠᠯᠲᠠ ᠶᠢ ᠰᠠᠶᠢᠲᠤᠷ ᠥᠷᠨᠢᠭᠦᠯᠦᠨ᠎ᠡ᠃  ᠪᠥᠬᠦ ᠣᠷᠣᠨ ᠪᠥᠬᠦ ᠠᠶᠢᠮᠠᠭ ᠤᠨ ᠴᠢᠨᠠᠷᠳᠠᠢ ᠡᠯ᠎ᠡ ᠲᠥᠷᠥᠯ ᠤᠨ ᠤᠷᠤᠯᠳᠤᠭᠠᠨ ᠨᠠᠭᠠᠳᠤᠮ ᠢ ᠢᠳᠡᠪᠬᠢᠲᠡᠢ ᠲᠠᠭᠠᠭᠠᠴᠢᠯᠠᠨ ᠡᠷᠭᠢᠯᠡᠵᠦ᠂ ᠳᠠᠭᠤᠤ ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂   ᠬᠦᠭᠵᠢᠮᠴᠢᠳ ᠤᠨ ᠴᠤᠭᠯᠠᠭᠠᠨ ᠵᠡᠷᠭᠡ ᠣᠯᠠᠨ ᠲᠦᠮᠡᠨᠴᠢ ᠴᠢᠨᠠᠷᠲᠠᠢ ᠬᠦᠳᠡᠯᠪᠦᠷᠢ ᠠᠵᠢᠯᠯᠠᠭ᠎ᠠ ᠶᠢ ᠡᠷᠬᠢᠯᠡᠨ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠤᠨ ᠬᠡᠷᠡᠭᠴᠡᠭᠡ  ᠶᠢ ᠲᠠᠰᠤᠷᠠᠯᠲᠠ ᠦᠭᠡᠢ ᠬᠠᠩᠭᠠᠨ᠎ᠠ᠃ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ  ᠤᠯᠠᠮᠵᠢᠯᠠᠬᠤ   ᠶᠢ ᠴᠢᠩᠭᠠᠳᠬᠠᠨ᠂ ᠲᠠᠶᠢᠹᠤᠰᠧ ᠬᠤᠰᠢᠭᠤᠨ ᠤ ᠮᠦᠽᠧᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠤᠨ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号