2024 ᠣᠨ ᠤ ᠠᠵᠢᠯ ᠤᠨ ᠪᠠᠶᠢᠷᠢᠯᠠᠭᠤᠯᠤᠯᠳᠠ — ᠳᠣᠯᠤᠭ᠎ᠠ
ᠨᠡᠶᠢᠲᠡᠯᠡᠭᠰᠡᠨ ᠴᠠᠭ᠄
2024/1/29
   ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃  ᠬᠦᠭᠵᠢᠯᠳᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠵᠤ ᠂  ︽ᠭᠤᠷᠪᠠᠨ ᠬᠠᠮᠢᠶᠠᠷᠤᠯᠳᠠ ᠭᠤᠷᠪᠠᠨ  ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ  ᠂ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠪᠠ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ  ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠳᠡᠢ᠃ ᠠᠶᠤᠯ ᠲᠦᠭᠰᠢᠭᠦᠷᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠨ᠎ᠠ᠃  ᠠᠵᠢᠯ ᠲᠥᠷᠥᠯ ᠤᠨ ᠬᠢᠷᠢ ᠬᠡᠮ ᠲᠠᠢ ᠨᠤᠳᠤᠭ ᠤᠨ ᠠᠵᠤ ᠠᠬᠤᠶᠢᠯᠠᠯ ᠢ  ᠪᠤᠶᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠯ᠎ᠡ  ᠲᠦᠷᠦᠯ ᠤᠨ ᠠᠵᠤ ᠠᠬᠤᠢ ᠶᠢᠨ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ  ᠶᠢ ᠲᠣᠭᠲᠠᠭᠤᠨ ᠢᠶᠠᠷ ᠠᠷᠢᠯᠭᠠᠵᠤ ᠂ ᠳᠠᠯᠳᠠ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠦᠨᠡᠨᠴᠢ ᠢᠲᠡᠭᠡᠮᠵᠢ ᠶᠢᠨ ᠢᠨᠵᠧᠨᠧᠷᠢᠩ︾ ᠢ ᠰᠠᠶᠢᠲᠤᠷ ᠭᠡᠷᠡᠭᠵᠢᠬᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠳᠡᠢ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠭᠡᠷᠡᠭᠳᠡᠢ᠃   ᠨᠡᠶᠢᠬᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠨᠡᠴᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠳᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠰᠠᠶᠢᠨ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠢᠳᠡᠪᠬᠢᠲᠡᠢ ᠪᠠᠷ ᠪᠦᠯᠬᠦᠮᠳᠡᠬᠦᠯᠦᠨ ᠵᠢᠯᠤᠭᠤᠳᠴᠤ᠂  ︽ᠨᠠᠮ ᠤᠨ ᠢᠶᠠᠨ ᠠᠴᠢ ᠳᠤ ᠲᠠᠯᠠᠷᠬᠠᠬᠤ᠂  ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠲᠠᠭᠠᠬᠤ︾  ᠶᠢ ᠪᠡᠶᠡᠯᠡᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠲᠠᠯ᠎ᠠ ᠪᠠᠷ ᠲᠠᠶᠢᠹᠤᠰᠧ ᠬᠤᠰᠢᠭᠤᠨ ᠤ ᠰᠢᠨ᠎ᠡ ᠡᠭᠦᠷᠭᠡᠯᠡᠯ ᠢ ᠢᠯᠡᠷᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠳᠠ ᠶᠢ ᠤᠯᠠᠮ ᠬᠦᠨᠵᠡᠬᠡᠶᠢᠷᠡᠬᠦᠯᠦᠨ᠂  ᠵᠥᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠣᠭᠲᠠᠴᠠ ᠶᠢ ᠲᠡᠬᠦᠯᠳᠡᠷᠵᠢᠬᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠲᠣᠬᠢᠲᠠᠢ  ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃  ᠠᠷᠭ᠎ᠠ ᠤᠬᠠᠭᠠᠨ ᠰᠦᠪᠡᠭᠴᠢᠯᠡᠵᠦ ᠪᠠᠶᠢᠭᠠᠳ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠠᠰᠠᠭᠤᠳᠠᠯ ᠢ  ᠰᠢᠢᠳᠪᠦᠷᠢᠯᠡᠵᠦ᠂   ᠭᠡᠷ ᠪᠠᠶᠢᠰᠢᠩ ᠭᠠᠵᠠᠷ ᠰᠢᠷᠤᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠡᠮ ᠡᠪᠳᠡᠭᠳᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠲᠠᠯᠠᠭᠠᠷ ᠰᠦᠢᠳᠬᠦ︾ ᠶᠢ ᠰᠡᠷᠭᠡᠶᠢᠯᠡᠨ᠎ᠡ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠭᠠᠵᠠᠷ ᠰᠢᠷᠣᠢ ᠶᠢ ᠰᠤᠯᠠ ᠪᠠᠶᠢᠯᠭᠠᠬᠤ ᠪᠠ  ᠦᠷ᠎ᠡ ᠠᠰᠢᠭ ᠦᠬᠡᠢ ᠭᠡᠷᠡᠭᠯᠡᠬᠦ ᠠᠰᠠᠭᠤᠳᠠᠯ ᠢ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ᠂  ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠲᠤᠭ᠎ᠠ ᠪᠦᠷᠢᠳᠭᠡᠯ᠂ ᠬᠢᠨᠠᠨ ᠪᠤᠳᠤᠬᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号