2024 ᠣᠨ ᠤ ᠠᠵᠢᠯ ᠤᠨ ᠪᠠᠶᠢᠷᠢᠯᠠᠭᠤᠯᠤᠯᠳᠠ — ᠨᠠᠢᠮᠠ
ᠨᠡᠶᠢᠲᠡᠯᠡᠭᠰᠡᠨ ᠴᠠᠭ᠄
2024/1/29
   ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠤᠯᠠᠮ ᠲᠡᠭᠡᠭᠰᠢᠯᠡᠬᠦᠯᠦᠨ᠎ᠡ᠃  ᠰᠤᠷᠲᠠᠯ ᠤᠨ ᠪᠠᠶᠢᠭᠤᠯᠤᠯᠲᠠ ᠶᠢ ᠢᠮᠠᠭᠲᠠ ᠪᠠᠷᠢᠮᠳᠠᠯᠠᠨ᠎ᠠ᠃ ᠵᠠᠰᠠᠭ ᠤᠨ ᠰᠤᠷᠲᠠᠯ ᠪᠤᠯ ᠵᠠᠰᠠᠭ ᠤᠨ ᠣᠷᠳᠣᠨ ᠤ ᠳᠦᠷᠢ ᠲᠥᠷᠬᠦ ᠪᠣᠯᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ ᠠᠮᠢ ᠨᠠᠰᠤ ᠪᠣᠯᠬᠤ ᠶᠤᠮ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠬᠦᠯᠦᠨ᠂ ᠨᠢᠭᠤᠷ ᠲᠠᠯ᠎ᠠ ᠬᠠᠷᠠᠬᠤ ᠦᠭᠡᠢ᠂ ᠬᠢᠷᠢ ᠬᠡᠮ ᠢ ᠬᠠᠮᠢᠶᠠᠷᠬᠤ ᠦᠭᠡᠢ ᠪᠠᠶᠢᠵᠤ᠂ ᠣᠪᠣᠷ ᠤᠨ ᠲᠠᠯ᠎ᠠ ᠪᠠᠷ ︽ᠬᠦᠯᠢᠶᠡᠬᠦ︾ ︽ ᠨᠠᠶᠢᠳᠠᠬᠤ︾ ︽ᠬᠢᠬᠠᠬᠤ︾᠂ ᠴᠠᠭ ᠤᠨ ᠲᠠᠯ᠎ᠠ ᠪᠠᠷ ︽ᠲᠦᠯᠬᠢᠬᠦ︾ ︽ᠵᠠᠶᠢᠯᠠᠬᠤ︾ ︽ᠲᠦᠰᠢᠭᠯᠡᠬᠦ︾᠂ ᠬᠡᠷᠡᠭᠵᠢᠭᠦᠯᠦᠯᠲᠡ ᠶᠢᠨ ᠲᠠᠯ᠎ᠠ ᠪᠠᠷ ︽ᠠᠯᠵᠠᠭᠤᠷᠠᠬᠤ︾ ︽ᠬᠤᠶᠢᠷᠭᠤᠰᠢᠬᠤ︾ ︽ᠰᠤᠯᠠᠷᠠᠬᠤ︾ ᠵᠡᠷᠭᠡ ᠦᠶᠯᠡ ᠠᠵᠢᠯᠯᠠᠭ᠎ᠠ ᠶᠢ ᠡᠷᠡᠰ ᠴᠡᠭᠡᠷᠯᠡᠬᠦ ᠬᠡᠷᠡᠭᠲᠡᠢ ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠠᠭ ᠢᠮᠠᠭᠲᠠ ᠵᠠᠰᠠᠭ ᠤᠨ ᠣᠷᠳᠣᠨ ᠤ ᠠᠵᠢᠯ ᠤᠨ ᠲᠡᠷᠢᠬᠦᠨ ᠱᠠᠭᠠᠷᠳᠠᠯᠭ᠎ᠠ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠵᠤ᠂ ᠪᠤᠰᠢᠭᠤ ᠱᠠᠯᠠᠮᠠᠭᠠᠢ ᠪᠠᠷ ᠠᠳᠬᠤᠵᠤ᠂ ᠦᠨᠡᠨ ᠪᠣᠳᠠᠲᠠᠢ ᠠᠳᠬᠤᠵᠤ᠂  ᠢᠳᠡᠭᠡᠯ ᠵᠣᠷᠢᠭᠲᠠᠢ ᠠᠳᠬᠤᠬᠤ ᠬᠡᠷᠡᠭᠲᠡᠢ᠂ ᠶᠠᠭᠠᠬᠢᠭᠰᠠᠨ ᠴᠤ ᠬᠦᠴᠢᠷᠳᠡᠯ ᠲᠤᠯᠭᠠᠷᠠᠪᠠᠯ ︽ᠵᠣᠭᠰᠣᠵᠤ︾᠂ ᠪᠣᠭᠤᠮᠢ ᠲᠤᠯᠭᠠᠷᠠᠪᠠᠯ ︽ᠤᠬᠤᠷᠢᠵᠤ︾᠂ ᠵᠥᠷᠢᠴᠡᠯ ᠲᠤᠯᠭᠠᠷᠠᠪᠠᠯ ︽ᠪᠤᠷᠤᠭᠤᠯᠠᠵᠤ︾ ᠪᠣᠯᠬᠤ ᠦᠭᠡᠢ᠃ ᠥᠷᠭᠡᠨ ᠤᠯᠠᠨ ᠨᠠᠮ ᠤᠨ ᠭᠡᠰᠢᠭᠦᠨ  ᠺᠠᠳ᠋ᠷᠴᠤᠳ ᠠᠵᠢᠯ ᠦᠢᠯᠡᠰ ᠢᠶᠠᠨ ᠲᠡᠭᠡᠳᠦᠯᠡᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ  ᠂ ᠰᠢᠷᠭᠠᠭᠤ ᠬᠠᠲᠠᠭᠤᠵᠢᠯᠲᠠᠢ ᠲᠡᠮᠡᠴᠡᠵᠦ᠂  ᠦᠨᠡᠨ ᠪᠤᠳᠠᠳᠠᠢ ᠠᠵᠢᠯᠯᠠᠨ᠂ ︽ ᠤᠷᠤᠭᠰᠢᠯᠠᠵᠤ ᠲᠠᠪᠰᠢᠬᠤ︾ ᠠᠴᠠ ᠪᠢᠰᠢ ︽ᠤᠷᠤᠨ ᠳᠠᠭᠠᠨ ᠵᠤᠭᠰᠤᠬᠤ︾  ᠦᠬᠡᠢ  ᠂ ︽ ᠬᠦᠳᠡᠯᠵᠦ ᠬᠢᠬᠦ︾ ᠠᠴᠠ ᠪᠢᠰᠢ ︽ ᠬᠦᠳᠦᠯᠦᠬᠦᠯᠵᠦ ᠠᠯᠬᠤᠬᠤ︾  ᠦᠭᠡᠢ ᠪᠠᠶᠢᠵᠤ᠂  ᠠᠵᠢᠯ ᠶᠠᠪᠤᠳᠠᠯ ᠨᠢᠬᠡᠪᠦᠷᠢ ᠶᠢ ᠦᠨᠡᠨ ᠪᠤᠳᠠᠳᠠᠢ ᠨᠠᠶᠢᠳᠠᠪᠤᠷᠢᠵᠢᠭᠤᠯᠤᠨ᠂ ︽ᠰᠢᠪᠠᠷ ᠦᠬᠡᠷ ᠳᠠᠯᠠᠢ ᠳᠤ ᠤᠷᠤᠵᠤ ᠰᠢᠪᠠᠷ ᠪᠤᠷᠬᠠᠨ ᠭᠤᠤᠯ ᠭᠠᠳᠤᠯᠬᠤ︾ ᠦᠵᠡᠭᠳᠡᠯ ᠢ ᠶᠠᠭᠠᠬᠢᠭᠰᠠᠨ ᠴᠤ ᠭᠠᠷᠭᠠᠵᠤ ᠪᠣᠯᠬᠤ ᠦᠭᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠬᠦᠳ ︽ᠬᠥᠭᠵᠢᠯᠲᠡ ᠳᠤ ᠬᠤᠷᠳᠤᠳᠬᠠᠭᠤᠷ ᠪᠠᠶᠢᠬᠤ ᠠᠴᠠ ᠪᠢᠰᠢ ᠲᠤᠷᠮᠤᠰᠯᠠᠭᠤᠷ ᠪᠠᠶᠢᠬᠤ ᠦᠭᠡᠢ᠂  ᠲᠦᠷᠭᠡᠳᠭᠡᠬᠦᠷ ᠪᠠᠶᠢᠬᠤ ᠠᠴᠠ ᠪᠢᠰᠢ ᠲᠡᠬᠦᠰᠬᠡᠯ ᠪᠠᠶᠢᠬᠤ ᠦᠬᠡᠢ  ︾ ᠭᠡᠳᠡᠭ ᠢ ᠰᠡᠷᠭᠡᠭ ᠢᠶᠠᠷ ᠲᠠᠨᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ᠂  ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ  ᠪᠦᠳᠦᠮᠵᠢᠳᠡᠢ ᠨᠠᠶᠢᠳᠠᠪᠤᠷᠢᠵᠢᠭᠤᠯᠬᠤ ᠬᠡᠷᠡᠭᠲᠡᠢ᠃  ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠪᠠᠷ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢ ᠪᠠᠷ ᠲᠣᠭᠲᠠᠭᠠᠭᠰᠠᠨ ᠡᠬᠦᠷᠭᠡ ᠲᠤᠰᠢᠶᠠᠯ   ᠢᠶᠠᠨ ᠡᠷᠬᠡᠪᠰᠢ ᠬᠦᠢᠴᠡᠳᠭᠡᠬᠦ ᠭᠡᠷᠡᠭᠳᠡᠢ᠃  ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠬᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ︽ᠭᠤᠷᠪᠠᠨ ᠴᠢᠬᠤᠯᠠ ᠨᠢᠭᠡ  ᠲᠤᠮᠤ︾ ᠶᠢᠨ ᠳᠦᠷᠢᠮ ᠢ ᠬᠡᠷᠡᠭᠵᠢᠭᠦᠯᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠬᠦᠴᠦᠯᠡᠬᠦ ᠴᠡᠭ ᠤᠨ ᠨᠢᠭᠡ ᠪᠣᠯᠭᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂  ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠬᠠᠤᠯᠢᠵᠢᠯ ᠤᠨ ᠵᠠᠮ ᠢᠶᠠᠷ ᠥᠨᠳᠥᠷ ᠪᠦᠲᠦᠮᠵᠢᠲᠡᠶ ᠶᠠᠪᠤᠭᠳᠠᠭᠤᠯᠤᠨ᠎ᠠ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠳᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠦᠢᠯᠡᠳᠦᠯᠭᠡᠵᠢᠬᠦᠯᠦᠨ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ ᠠᠮᠵᠢᠯᠲᠠ ᠪᠠᠨ ᠪᠣᠯᠭᠠᠬᠤ ᠬᠡᠷᠡᠭᠲᠡᠢ᠃ ᠪᠣᠳᠠᠲᠠᠢ ᠠᠵᠢᠯᠯᠠᠬᠤ ᠲᠠᠯ᠎ᠠ ᠪᠠᠷ᠂  ︽ᠰᠢᠨ᠎ᠡ ᠨᠣᠶᠠᠨ ᠬᠠᠭᠤᠴᠢᠨ ᠲᠠᠩᠰᠠ ᠶᠢ ᠦᠯᠦ ᠬᠠᠮᠢᠶᠠᠷᠬᠤ︾ ᠶᠠᠪᠤᠳᠠᠯ ᠢ ᠬᠢᠵᠦ ᠪᠣᠯᠬᠤ ᠦᠭᠡᠢ ᠮᠥᠷᠲᠡᠭᠡᠨ ᠨᠢᠳᠦᠨ ᠡᠮᠦᠨᠡᠬᠢ ᠪᠠᠨ ᠯᠠ ᠪᠤᠳᠤᠭᠠᠳ ᠠᠯᠤᠰ ᠢᠷᠡᠭᠡᠳᠦᠢ ᠶᠢ ᠬᠠᠶᠢᠬᠤᠷᠬᠤ ᠦᠭᠡᠢ᠂ ᠢᠷᠡᠭᠡᠳᠦᠢ ᠳᠤ ᠶᠠᠷᠰᠢᠭ ᠲᠦᠪᠡᠭ ᠦᠯᠡᠳᠡᠭᠡᠬᠦ ᠶᠠᠪᠤᠳᠠᠯ ᠢ ᠴᠤ ᠬᠢᠵᠦ ᠪᠣᠯᠬᠤ ᠦᠭᠡᠢ᠂ ᠨᠡᠩ ᠴᠤ ︽ ᠤᠷᠤ ᠡᠵᠡᠯᠡᠨ ᠪᠤᠳᠠᠭ᠎ᠠ ᠢᠳᠡᠵᠦ︾ ᠵᠠᠰᠠᠭ ᠤᠨ ᠶᠠᠪᠤᠳᠠᠯ ᠢ ᠪᠣᠳᠣᠯᠬᠢᠯᠠᠬᠤ ᠦᠭᠡᠢ ᠪᠠᠶᠢᠵᠤ ᠶᠠᠭᠠᠬᠢᠭᠰᠠᠨ ᠪᠣᠯᠬᠤ ᠦᠭᠡᠢ᠃ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ᠂ ᠬᠡᠨ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠡᠨ ᠠᠵᠢᠯ ᠤᠨ ᠪᠠᠶᠢᠷᠢ ᠪᠠᠨ ᠬᠠᠶᠢᠷᠠᠯᠠᠬᠤ ᠦᠭᠡᠢ ᠪᠣᠯ ᠲᠡᠭᠦᠨ ᠢ ︽ ᠠᠵᠢᠯ ᠤᠨ ᠪᠠᠶᠢᠷᠢ ᠠᠴᠠ ᠪᠠᠭᠤᠬᠤ︾ ᠶᠢ ᠰᠠᠨᠠᠭᠤᠯᠤᠨ᠎ᠠ᠃ ︽12345︾ ᠪᠣᠯ ᠤᠯᠠᠨ ᠲᠦᠮᠡᠨ ᠠᠴᠠ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠬᠢᠨᠠᠯᠲᠠ ᠲᠠᠯᠪᠢᠬᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠡᠷᠡᠭᠵᠢᠭᠦᠯᠬᠦ‍ ᠨᠢᠭᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠮᠥᠨ᠂ ᠪᠢᠳᠡ ᠡᠷᠬᠡᠪᠰᠢ ᠨᠠᠷᠢᠨ ᠬᠢᠨᠠᠮᠠᠭᠠᠢ ᠬᠠᠨᠳᠤᠵᠤ᠂ ᠴᠠᠭ ᠲᠤᠬᠠᠢ ᠳᠤᠨᠢ ᠬᠠᠷᠢᠭᠤ ᠥᠭᠴᠦ᠂ ᠡᠪ ᠲᠤᠮᠳᠠᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠳᠡᠭᠡᠳ ᠤᠨ  ᠰᠢᠭᠦᠮᠵᠢᠯᠡᠯ ᠪᠠ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠬᠦᠯᠢᠶᠡᠨ᠂ ᠵᠠᠰᠠᠭ ᠤᠨ ᠣᠷᠳᠣᠨ  ᠤ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠪᠠᠳᠤᠯᠠᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠪᠠᠳᠠᠷᠠᠭᠤᠯᠤᠨ᠂ ᠪᠠᠶᠢᠳᠠᠯ ᠢ ᠨᠢᠭᠡᠳᠦᠭᠡᠷ ᠹᠷᠣᠨᠲ ᠲᠤ ᠡᠵᠡᠮᠰᠢᠵᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ  ᠬᠡᠷᠡᠭᠲᠡᠢ᠃ ᠠᠷᠢᠭᠤᠨ ᠴᠢᠬᠡᠴᠢ ᠠᠵᠢᠯᠴᠢ ᠠᠷᠪᠢᠴᠢ ᠪᠠᠶᠢᠬᠤ ᠶᠢ ᠢᠮᠠᠭᠲᠠ ᠪᠠᠷᠢᠮᠲᠠᠯᠠᠨ᠎ᠠ᠃  ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ  ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠬᠦᠢᠴᠡᠳᠭᠡᠨ᠂  ᠵᠠᠰᠠᠭ ᠤᠨ ᠣᠷᠳᠣᠨ ᠤ ᠰᠢᠰᠲ᠋ᠧᠮ ᠪᠠ ᠤᠯᠤᠰ ᠤᠨ  ᠦᠮᠴᠢᠯᠡᠯᠳᠦ ᠠᠵᠤ ᠠᠬᠤᠶᠢᠯᠠᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠨ ᠠᠳᠬᠤᠬᠤ ᠭᠡᠷᠡᠭᠳᠡᠢ᠃ ︽ᠡᠮᠡᠬᠡᠯ ᠢᠶᠠᠨ ᠵᠠᠰᠠᠵᠤ ᠵᠢᠯᠣᠭᠤ ᠪᠠᠨ ᠲᠠᠳᠠᠬᠤ︾ ᠲᠣᠭᠲᠠᠯ ᠬᠦᠴᠦᠨ ᠢᠶᠠᠷ ︽ᠲᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ᠂  ᠲᠥᠪ ᠤᠨ ᠨᠠᠢᠮᠠᠨ ᠲᠣᠭᠲᠠᠭᠠᠯ ᠪᠠ  ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠡᠩ ᠤᠨ ᠴᠢᠨᠠᠷᠲᠠᠢ ᠵᠠᠷᠤᠯᠭ᠎ᠠ︾ ᠶᠢ  ᠪᠠᠭᠠᠰᠬᠠᠨ᠂ ︽ᠭᠤᠷᠪᠠᠨ ᠠᠯᠪᠠᠨ ᠵᠠᠷᠤᠳᠠᠯ︾ ᠢ  ᠬᠢᠵᠠᠭᠠᠷᠯᠠᠵᠤ᠂ ᠴᠢᠬᠤᠯᠠ ᠪᠤᠰᠤ ᠡᠳ᠋ ᠤᠨ ᠵᠠᠰᠠᠭ ᠤᠨ ᠵᠠᠷᠤᠯᠭ᠎ᠠ ᠶᠢ ᠴᠡᠭᠡᠷᠯᠡᠨ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠴᠢᠭ ᠠᠮᠢᠳᠤᠷᠠᠯ︾ ᠢᠶᠠᠷ  ᠠᠷᠠᠳ ᠲᠦᠮᠡᠨ ᠤ ︽ᠵᠢᠷᠭᠠᠯᠳᠤ ᠠᠮᠢᠳᠤᠷᠠᠯ︾ ᠢ ᠰᠣᠯᠢᠵᠤ  ᠠᠪᠴᠢᠷᠠᠬᠤ ᠭᠡᠷᠡᠭᠳᠡᠢ᠃      
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号