ᠲᠠᠶᠢᠹᠤᠰᠧ ᠬᠤᠰᠢᠭᠤ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ︾  ᠪᠤᠯᠤᠭᠰᠠᠨ
ᠨᠡᠶᠢᠲᠡᠯᠡᠭᠰᠡᠨ ᠴᠠᠭ᠄
2024/1/3
 ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠲᠣᠭᠲᠠᠭᠠᠯ ᠨᠡᠶᠢᠳᠡᠯᠡᠵᠦ᠂ 138 ᠭᠠᠵᠠᠷ ᠣᠷᠣᠨ ᠪᠠ ᠨᠢᠭᠡᠴᠡ ᠶᠢ ᠶᠢᠰᠦᠳᠦᠭᠡᠷ ᠪᠦᠯᠦᠭ ᠤᠨ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ︾  ᠪᠠᠷ ᠨᠡᠷᠡᠶᠢᠳᠦᠭᠰᠡᠨ ᠪᠠᠶᠢᠨ᠎ᠠ ︵ ᠬᠦᠴᠦᠨ ᠲᠠᠢ ᠬᠤᠭᠤᠴᠠᠭ᠎ᠠ ᠨᠢ 5 ᠵᠢᠯ︶  ᠂ ᠡᠭᠦᠨ ᠳᠤ  ᠲᠠᠶᠢᠹᠤᠰᠧ ᠬᠤᠰᠢᠭᠤ  ᠨᠢ ᠶᠢᠰᠦᠳᠦᠭᠡᠷ ᠪᠦᠯᠦᠭ ᠤᠨ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ︾ ᠪᠠᠷ ᠨᠡᠷᠡᠶᠢᠳᠦᠭᠳᠡᠪᠡ᠃  ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢ᠂ ᠲᠠᠶᠢᠹᠤᠰᠧ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠣᠳᠠᠲᠠᠢ ᠪᠥᠭᠡᠳ ᠪᠦᠲᠦᠮᠵᠢᠲᠡᠶ ᠰᠠᠶᠢᠨ ᠠᠳᠬᠤᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠ ᠠᠮᠢᠳᠤᠯᠢᠭ ᠦᠢᠯᠡᠳᠦᠯᠭᠡ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠢᠯᠤᠭᠤᠳᠤᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂   ᠠᠯᠳᠠᠷ ᠭᠤᠳᠤᠮᠰᠢᠭ ᠢᠶᠠᠨ ᠬᠠᠮᠲᠤᠳᠬᠠᠬᠤ᠂  ᠦᠬᠦᠯ ᠰᠡᠬᠡᠯ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠲᠠᠶᠢᠹᠤᠰᠧ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠢᠷᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号