ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠷᠠᠯᠵᠢᠶᠠᠴᠢᠳ ᠤᠨ ᠨᠡᠶᠢᠬᠡᠮᠯᠢᠭ ᠤᠨ ᠠᠩᠬᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/1/3
  12 ᠰᠠᠷ᠎ᠠ ᠶᠢᠨ 29  ᠤ ᠡᠳᠦᠷ ᠲᠠᠶᠢᠹᠤᠰᠧ ᠬᠤᠰᠢᠭᠤᠨ ᠤ ᠬᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠷᠠᠯᠵᠢᠶᠠᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠵᠢᠴᠢ ᠨᠡᠶᠢᠭᠡᠮᠯᠢᠭ ᠪᠠᠶᠢᠭᠤᠯᠤᠭᠳᠠᠭᠰᠠᠨ ᠶᠡᠭᠡ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠭᠤᠸᠠᠩ ᠹᠧᠩ᠂  ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠲᠡᠷᠢᠭᠦᠯᠡᠭᠴᠢ ᠢᠦᠢ ᠴᠧᠩ ᠭᠦᠸᠧ  ᠵᠢᠴᠢ ᠠᠷᠠᠳ ᠠᠴᠠ ᠡᠵᠡᠩᠨᠡᠭᠰᠡᠨ ᠠᠵᠤ  ᠠᠬᠤᠶᠢᠯᠠᠯ ᠤᠨ ᠲᠥᠯᠥᠭᠡᠯᠡᠭᠴᠢ᠂ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠷᠭᠡ 80 ᠭᠠᠷᠤᠢ ᠬᠥᠮᠥᠨ ᠬᠤᠷᠠᠯ ᠳᠤ ᠣᠷᠣᠯᠴᠠᠵᠠᠢ᠃  ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠸᠠᠩ ᠰᠢᠶᠣᠣ ᠵᠢᠩ ᠬᠤᠷᠠᠯ ᠢ ᠡᠷᠭᠢᠯᠡᠪᠡ᠃  ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ  ᠠᠷᠠᠯᠵᠢᠶᠠᠴᠢᠳ ᠤᠨ ᠨᠡᠶᠢᠭᠡᠮᠯᠢᠭ ᠨᠢ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ᠂ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠠᠩᠬᠠᠳᠤᠭᠠᠷ ᠬᠤᠷᠠᠯ᠂  ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ︽ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠷᠠᠯᠵᠢᠶᠠᠴᠢᠳ ᠤᠨ ᠨᠡᠶᠢᠭᠡᠮᠯᠢᠭ   ᠤᠨ ᠪᠡᠯᠡᠳᠬᠡᠯ ᠠᠵᠢᠯ ᠤᠨ ᠳᠤᠭᠤᠶᠢᠯᠠᠩ ᠤᠨ ᠠᠵᠢᠯ ᠤᠨ ᠮᠡᠳᠡᠭᠦᠯᠦᠯᠲᠡ︾ ᠶᠢ ᠰᠤᠨᠤᠰᠤᠨ᠂  ᠨᠡᠶᠢᠭᠡᠮᠯᠢᠭ ᠤᠨ ᠳᠦᠷᠢᠮ ᠲᠤᠭᠳᠠᠭᠠᠯ᠂ ᠬᠤᠷᠠᠯ ᠤᠨ ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ᠂ ᠰᠣᠩᠭᠤᠭᠤᠯᠢ ᠶᠢᠨ ᠠᠷᠭ᠎ᠠ ︵ᠲᠥᠰᠥᠯ︶ ᠵᠡᠷᠭᠡ ᠶᠢ ᠬᠢᠨᠠᠨ ᠵᠦᠪᠯᠡᠵᠦ ᠪᠠᠳᠤᠯᠠᠭᠰᠠᠨ   ᠤ ᠬᠠᠮᠳᠤ᠂  ᠠᠩᠬᠠᠳᠤᠭᠠᠷ ᠬᠤᠭᠤᠴᠠᠭᠠᠨ ᠤ  ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ᠂  ᠬᠢᠨᠠᠭᠴᠢᠳ ᠤᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠪᠣᠯᠣᠨ ᠬᠡᠷᠡᠭ ᠡᠷᠬᠢᠯᠡᠭᠴᠢᠳ ᠤᠨ ᠵᠦᠪᠯᠡᠯ ᠤᠨ ᠭᠡᠰᠢᠬᠦᠨ ᠤ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠵᠥᠪᠯᠡᠵᠦ  ᠪᠠᠳᠤᠯᠠᠭᠰᠠᠨ ᠪᠠᠶᠢᠨ᠎ᠠ᠃ ᠥᠪᠥᠷ ᠮᠣᠩᠭᠤᠯ ᠤᠨ ᠺᠧ ᠲᠠᠢ ᠯᠦᠩ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠵᠧ ᠠᠩᠬᠠᠳᠤᠭᠠᠷ ᠬᠤᠭᠤᠴᠠᠭᠠᠨ ᠤ ᠬᠡᠷᠡᠭ  ᠬᠡᠷᠡᠭ ᠡᠷᠬᠢᠯᠡᠭᠴᠢᠳ ᠤᠨ ᠵᠦᠪᠯᠡᠯ ᠤᠨ ᠲᠠᠷᠤᠭ᠎ᠠ ᠪᠠᠷ ᠰᠤᠩᠭᠤᠭᠳᠠᠵᠠᠢ᠃  ᠰᠡᠴᠡᠨᠴᠣᠭᠲᠤ  ᠪᠠᠶᠠᠷ ᠤᠨ ᠦᠭᠡ ᠬᠡᠯᠡᠵᠦ᠂  ᠴᠧᠨ ᠶᠠᠨ ᠪᠦᠦ ᠨᠡᠶᠢᠬᠡᠮᠯᠢᠭ ᠤᠨ ᠫᠠᠶᠢᠰᠠ ᠶᠢ ᠰᠡᠬᠦᠭᠰᠡᠨ ᠪᠦᠭᠡᠳ ᠨᠡᠷ᠎ᠡ ᠬᠦᠨᠳᠦᠲᠦ ᠨᠡᠶᠢᠭᠡᠮᠯᠢᠭ ᠤᠨ ᠳᠠᠷᠤᠭ᠎ᠠ᠂ ︽ᠲᠠᠯ᠎ᠠ ᠨᠤᠲᠤᠭ︾ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠢᠩ ᠶᠤᠸᠠᠢ ᠵᠠᠩ ᠳᠤ ᠫᠠᠶᠢᠰᠠ ᠤᠯᠭᠤᠪᠠ᠃  ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠳᠠᠷᠤᠭ᠎ᠠ ᠯᠢ ᠵᠧ ᠠᠴᠠ ᠨᠡᠶᠢᠬᠡᠮᠯᠢᠭ ᠢᠶᠠᠨ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠵᠡᠢ᠃ ᠶᠡᠭᠡ ᠬᠤᠷᠠᠯ ᠤᠨ ᠳᠠᠷᠠᠭ᠎ᠠ᠂ ᠠᠵᠤ ᠠᠬᠤᠶᠢᠯᠠᠯ ᠤᠨ ᠲᠦᠯᠦᠭᠡᠯᠡᠭᠴᠢ ᠨᠠᠷ ᠬᠤᠰᠢᠭᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠦᠢᠯᠡᠴᠢᠯᠡᠭᠡᠨ ᠤ ᠲᠥᠪ ᠠᠴᠠ ᠬᠠᠷᠢᠭᠤᠴᠠᠨ ᠡᠷᠭᠢᠯᠡᠭᠰᠡᠨ ︽ᠵᠠᠰᠠᠭ ᠤᠨ ᠤᠷᠳᠤᠨ ᠠᠵᠤ ᠠᠬᠤᠶᠢᠯᠠᠯ  ᠭᠠᠷ ᠬᠤᠯᠪᠣᠵᠤ ᠬᠠᠮᠳᠤᠪᠠᠷ ᠤᠷᠤᠭᠰᠢᠯᠠᠶ᠎ᠠ︾ — 2023 ᠣᠨ ᠤ ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠠᠵᠤ ᠠᠬᠤᠶᠢᠯᠠᠯ ᠤᠨ ᠤᠨ   ᠤ ᠬᠤᠷᠠᠯ ᠳᠤ ᠤᠷᠤᠯᠴᠠᠵᠤ᠂  ᠬᠥᠭᠵᠢᠯᠲᠡ ᠶᠢᠨ ᠠᠷᠭ᠎ᠠ ᠪᠤᠳᠤᠯᠭ᠎ᠠ ᠶᠢ ᠶᠠᠷᠢᠯᠴᠠᠨ ᠵᠦᠪᠯᠡᠭᠰᠡᠨ ᠪᠠᠶᠢᠨ᠎ᠠ᠃ ᠲᠠᠶᠢᠹᠤᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠷᠠᠯᠵᠢᠶᠠᠴᠢᠳ ᠤᠨ ᠨᠡᠶᠢᠭᠡᠮᠯᠢᠭ ᠲᠤ ᠤᠳᠤ ᠨᠢᠭᠡᠨᠲᠡ 44 ᠠᠵᠤ ᠠᠬᠤᠶᠢᠯᠠᠯ  ᠭᠡᠰᠢᠬᠦᠨ ᠢᠶᠠᠷ  ᠤᠷᠤᠵᠤ᠂ ᠢᠳᠡᠭᠡᠨ᠂ ᠲᠠᠷᠢᠶᠠᠯᠠᠩ ᠮᠠᠯ ᠠᠵᠤ ᠠᠬᠤᠢ᠂ ᠬᠢᠮᠢ ᠶᠢᠨ ᠠᠵᠤ ᠦᠢᠯᠡᠳᠪᠦᠷᠢ᠂  ᠰᠢᠨᠵᠢᠯᠡᠭᠡ ᠮᠡᠷᠭᠡᠵᠢᠯ᠂ ᠪᠠᠷᠢᠯᠭ᠎ᠠ ᠶᠢᠨ ᠮᠠᠲ᠋ᠧᠷᠢᠶᠠᠯ᠂ ᠭᠡᠷ ᠪᠠᠶᠢᠰᠢᠩ ᠭᠠᠵᠠᠷ ᠰᠢᠷᠣᠢ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠤᠭᠳᠠᠭᠰᠠᠨ᠂ ᠥᠷᠭᠡᠨ ᠳᠡᠯᠭᠡᠷ ᠲᠥᠯᠥᠭᠡᠯᠡᠬᠦ ᠴᠢᠨᠠᠷ ᠲᠠᠢ  ᠨᠡᠶᠢᠭᠡᠮᠯᠢᠭ ᠪᠣᠯᠵᠠᠢ᠃  ᠲᠤᠰ ᠨᠡᠶᠢᠬᠡᠮᠯᠢᠭ ᠢ ᠪᠠᠶᠢᠭᠤᠯᠬᠤ ᠨᠢ ᠲᠠᠶᠢᠹᠦᠰᠧ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠭᠠᠳᠠᠭᠠᠳᠤ ᠬᠥᠭᠵᠢᠯᠲᠡ ᠶᠢᠨ ᠴᠣᠩᠬᠤ ᠶᠢ ᠨᠡᠭᠡᠭᠡᠬᠦ ᠲᠤᠯᠭᠠᠮ᠎ᠠ ᠱᠠᠭᠠᠷᠳᠠᠯᠭ᠎ᠠ ᠪᠠᠶᠢᠵᠤ᠂ ᠲᠠᠶᠢᠹᠦᠰᠧ ᠬᠤᠰᠢᠭᠤᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠦᠭᠡᠳ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠭᠠᠷᠳᠠᠴᠠ ᠪᠤᠯᠬᠤ ᠶᠤᠮ᠃  ᠠᠷᠠᠯᠵᠢᠶᠠᠴᠢᠳ ᠤᠨ ᠨᠡᠶᠢᠭᠡᠮᠯᠢᠭ ᠨᠢ  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠠᠩ ᠰᠢᠯᠢᠳᠡᠭ ᠣᠷᠴᠢᠨ ᠨᠦᠬᠦᠴᠡᠯ ᠢ ᠡᠬᠦᠳᠦᠨ ᠦᠭᠴᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠂ ᠠᠵᠤ  ᠠᠬᠤᠶᠢᠯᠠᠯᠳᠠᠳ ᠤᠨ ᠠᠵᠢᠯ ᠬᠢᠵᠦ ᠦᠢᠯᠡᠰ ᠪᠦᠳᠦᠭᠡᠬᠦ  ᠢᠳᠡᠭᠡᠯ ᠵᠤᠷᠢᠭ   ᠢ ᠲᠠᠶᠢᠴᠢᠯᠠᠨ᠂ ᠪᠥᠬᠦ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠭᠠᠷᠭᠠᠬᠤ ᠪᠤᠯᠤᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号