ᠰᠢᠯᠢ ᠶᠢᠨ ᠭᠤᠣᠯ ᠠᠶᠢᠮᠠᠭ ᠤᠨ ᠬᠢᠯᠢ ᠳᠠᠬᠢ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ | ᠬᠠᠮᠠᠭᠠᠯᠠᠵᠤ᠂ ᠬᠡᠭᠡᠷ᠎ᠡ ᠶᠢᠨ ᠤᠷᠭᠤᠮᠠᠯ ᠢ ᠲᠡᠬᠦᠵᠦ ᠮᠠᠯᠲᠠᠬᠤ᠂ ᠵᠥᠭᠡᠭᠡᠪᠦᠷᠢᠯᠡᠬᠦ᠂ ᠠᠷᠠᠯᠵᠢᠶᠠᠯᠠᠬᠤ ᠬᠠᠤᠯᠢ ᠪᠤᠰᠤ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠰᠢᠳᠭᠡᠯ ᠤᠯᠭᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠳᠭᠡᠯ ᠤᠯᠭᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠦᠨᠳᠦᠰᠦᠯᠡᠵᠦ᠂ | ᠲᠣᠰ ᠡᠳᠦᠷ ᠠᠴᠠ ᠡᠬᠢᠯᠡᠨ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠥᠬᠦ | ᠠᠶᠢᠮᠠᠭ ᠤᠨ ᠬᠡᠪᠴᠢᠶᠡᠨ ᠳᠤ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠪᠤᠰᠤ ᠶᠠᠯᠠᠲᠤ | ᠠᠵᠢᠯᠯᠠᠭ᠎ᠠ ᠶᠢᠨ ᠰᠦᠪᠡᠭᠴᠢ ᠶᠢ ᠨᠡᠶᠢᠭᠡᠮ ᠨᠡᠶᠢᠲᠡ ᠠᠴᠠ ᠴᠤᠭᠯᠠᠭᠤᠯᠬᠤ ᠪᠠᠷ ᠪᠤᠯᠪᠠ᠂ ᠥᠷᠭᠡᠨ ᠣᠯᠠᠨ ᠠᠷᠠᠳ | ᠢᠷᠭᠡᠳ ᠦᠨᠡᠨ ᠪᠤᠳᠠᠳᠠᠢ ᠰᠦᠪᠡᠭᠴᠢ ᠤᠯᠳᠠᠪᠠᠯ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠪᠤᠯᠪᠠᠤ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄ | ᠨᠢᠭᠡ᠂ ᠢᠯᠡᠴᠢᠯᠡᠨ ᠮᠡᠳᠡᠬᠦᠯᠬᠦ ᠠᠭᠤᠯᠭ᠎ᠠ | 1. ᠡᠮ ᠳᠤ ᠤᠷᠤᠬᠤ ᠭᠡᠭᠡᠷ᠎ᠡ ᠶᠢᠨ ᠤᠷᠭᠤᠮᠠᠯ ᠢ ᠲᠤᠷ᠎ᠠ ᠪᠠᠷ ᠢᠶᠠᠨ ᠲᠡᠬᠦᠵᠦ ᠮᠠᠯᠳᠠᠬᠤ ᠬᠠᠤᠯᠢ ᠪᠤᠰᠤ | ᠠᠵᠢᠯᠯᠠᠭ᠎ᠠ ᠃ | 2. ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠤᠷᠤᠭᠰᠠᠨ ᠬᠡᠭᠡᠷ᠎ᠡ ᠶᠢᠨ ᠤᠷᠭᠤᠮᠠᠯ ᠢ ᠲᠤᠷ᠎ᠠ ᠪᠠᠷ ᠢᠶᠠᠨ | ᠲᠡᠬᠦᠵᠦᠮᠠᠯᠳᠠᠬᠤ᠂ ᠵᠦᠬᠡᠬᠡᠪᠦᠷᠢᠯᠡᠬᠦ᠂ ᠪᠤᠯᠪᠠᠰᠤᠷᠠᠭᠤᠯᠬᠤ᠂ ᠠᠷᠠᠯᠵᠢᠶᠠᠯᠠᠬᠤ ᠬᠠᠤᠯᠢ ᠪᠤᠰᠤ ᠶᠠᠯᠠᠲᠤ ᠠᠵᠢᠯᠯᠠᠭ᠎ᠠ᠃ | | 3. ᠵᠥᠪᠰᠢᠶᠡᠷᠡᠯ ᠤᠨ ᠦᠨᠡᠮᠯᠡᠯ ᠦᠭᠡᠢ ᠪᠤᠶᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠠᠴᠠ ᠵᠦᠷᠢᠴᠡᠵᠦ | ᠬᠡᠭᠡᠷ᠎ᠡ ᠶᠢᠨ ᠤᠷᠭᠤᠮᠠᠯ ᠢ ᠲᠡᠬᠦᠵᠦ ᠮᠠᠯᠳᠠᠬᠤ᠂ ᠵᠦᠬᠡᠬᠡᠪᠦᠷᠢᠯᠡᠬᠦ᠂ ᠠᠷᠠᠯᠵᠢᠶᠠᠯᠠᠬᠤ ᠬᠠᠤᠯᠢ ᠪᠤᠰᠤ ᠠᠵᠢᠯᠯᠠᠭ᠎ᠠ᠃ | 4. ᠬᠤᠷᠢᠭ᠎ᠠ ᠴᠠᠭᠠᠵᠠ ᠲᠠᠢ ᠴᠠᠭ ᠬᠤᠭᠤᠴᠠᠭ᠎ᠠ ᠪᠤᠶᠤ ᠭᠠᠵᠠᠷ ᠣᠷᠣᠨ ᠳᠤ ᠬᠡᠭᠡᠷ᠎ᠡ ᠶᠢᠨ ᠤᠷᠭᠤᠮᠠᠯ ᠢ | ᠲᠡᠭᠦᠵᠦ ᠴᠤᠭᠯᠠᠭᠤᠯᠬᠤ᠂ ᠲᠠᠴᠢᠷᠰᠢᠭᠰᠠᠨ᠂ ᠬᠠᠭᠠᠰ ᠲᠠᠴᠢᠷᠰᠢᠭᠰᠠᠨ᠂ ᠬᠦᠨᠳᠦ ᠨᠣᠴᠢᠲᠠᠢ ᠮᠠᠭᠤᠳᠠᠭᠰᠠᠨ᠂ | ᠡᠯᠡᠰᠦᠷᠬᠡᠭᠵᠢᠭᠰᠡᠨ᠂ ᠬᠤᠵᠢᠷᠰᠢᠭᠰᠠᠨ ᠪᠠ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ | ᠠᠬᠤᠢ ᠶᠢᠨ ᠬᠡᠪᠡᠷᠡᠭ ᠣᠷᠣᠨ ᠤ ᠬᠡᠭᠡᠷ᠎ᠡ ᠶᠢᠨ ᠤᠷᠭᠤᠮᠠᠯ ᠢ ᠲᠡᠭᠦᠵᠦ ᠮᠠᠯᠳᠠᠬᠤ ᠬᠠᠤᠯᠢ ᠪᠤᠰᠤ ᠠᠵᠢᠯᠯᠠᠭ᠎ᠠ᠃ | 5. ᠬᠡᠭᠡᠷ᠎ᠡ ᠶᠢᠨ ᠤᠷᠭᠤᠮᠠᠯ ᠢ ᠲᠡᠭᠦᠵᠦ ᠮᠠᠯᠳᠠᠬᠤ ᠳᠠᠭᠠᠨ ᠬᠦᠷᠦᠰᠦ ᠰᠢᠷᠤᠢ ᠶᠢ ᠨᠢ ᠴᠠᠭ ᠲᠤᠬᠠᠢ ᠳᠤᠨᠢ | ᠲᠡᠭᠰᠢᠯᠡᠵᠦ ᠰᠡᠷᠬᠦᠬᠡᠬᠦ ᠦᠬᠡᠢ ᠬᠠᠤᠯᠢ ᠪᠤᠰᠤ ᠠᠵᠢᠯᠯᠠᠭ᠎ᠠ᠃ | 6. ᠲᠡᠬᠦᠵᠦ ᠮᠠᠯᠳᠠᠬᠤ ᠪᠤᠶᠤ ᠬᠤᠳᠠᠯᠳᠤᠨ ᠠᠷᠠᠯᠵᠢᠶᠠᠯᠠᠬᠤ ᠵᠦᠪᠰᠢᠶᠡᠷᠡᠯ ᠤᠨ ᠦᠨᠡᠮᠯᠡᠯ ᠲᠡᠮᠳᠡᠭ ᠢ | ᠬᠠᠭᠤᠷᠮᠠᠭᠯᠠᠨ ᠵᠣᠬᠢᠶᠠᠬᠤ᠂ ᠪᠠᠯᠠᠯᠤᠨ ᠦᠬᠡᠷᠡᠴᠢᠯᠡᠬᠦ᠂ ᠰᠢᠯᠵᠢᠭᠦᠯᠦᠨ ᠥᠭᠬᠦ᠂ ᠰᠠᠷᠢᠭᠠᠯᠠᠬᠤ᠂ ᠲᠦᠷᠢᠶᠡᠰᠦᠯᠡᠭᠦᠯᠬᠦ᠂ | ᠵᠢᠭᠡᠯᠡᠭᠦᠯᠬᠦ ᠵᠡᠷᠭᠡ ᠬᠠᠤᠯᠢ ᠪᠤᠰᠤ ᠠᠵᠢᠯᠯᠠᠭ᠎ᠠ᠃ | 7. ᠮᠤᠳᠤ ᠤᠭᠳᠤᠯᠬᠤ᠂ ᠡᠮ ᠲᠡᠭᠦᠬᠦ ᠵᠡᠷᠭᠡ ᠬᠡᠯᠪᠡᠷᠢ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠪᠤᠰᠤ ᠠᠵᠢᠯᠯᠠᠭ᠎ᠠ᠃ | 8. ᠣᠶ ᠰᠢᠭᠤᠢ ᠶᠢᠨ ᠴᠡᠴᠡᠷᠯᠢᠭ ᠲᠤ ᠨᠠᠭᠠᠳᠴᠤ ᠵᠤᠭᠠᠴᠠᠬᠤ ᠳᠠᠭᠠᠨ ᠡᠪᠡᠰᠦ ᠴᠡᠴᠡᠭ ᠲᠡᠬᠦᠵᠦ᠂ ᠮᠣᠳᠣᠨ ᠤ | ᠦᠨᠳᠦᠰᠦ ᠮᠠᠯᠲᠠᠬᠤ ᠵᠡᠷᠭᠡ ᠬᠠᠤᠯᠢ ᠪᠤᠰᠤ ᠠᠵᠢᠯᠯᠠᠭ᠎ᠠ᠃ | 9. ᠬᠡᠭᠡᠷ᠎ᠡ ᠶᠢᠨ ᠤᠷᠭᠤᠮᠠᠯ ᠢ ᠮᠠᠯᠲᠠᠬᠤ᠂ ᠵᠦᠬᠡᠬᠡᠪᠦᠷᠢᠯᠡᠬᠦ᠂ ᠪᠣᠯᠪᠠᠰᠤᠷᠠᠭᠤᠯᠬᠤ᠂ ᠠᠷᠠᠯᠵᠢᠶᠠᠯᠠᠬᠤ ᠡᠪᠰᠡᠯ | ᠪᠦᠯᠦᠭ ᠢ ᠵᠣᠬᠢᠶᠠᠨ ᠪᠠᠶᠢᠭᠤᠯᠤᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠃ | 10. ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ | ᠠᠵᠢᠯᠯᠠᠭ᠎ᠠ᠃ | ᠬᠤᠶᠠᠷ᠂ ᠢᠯᠡᠴᠢᠯᠡᠨ ᠮᠡᠳᠡᠭᠦᠯᠬᠦ ᠱᠠᠭᠠᠷᠳᠠᠯᠭ᠎ᠠ | 1. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠪᠢ ᠬᠥᠮᠥᠨ ᠪᠤᠶᠤ ᠬᠠᠮᠢᠶ᠎ᠠ ᠪᠦᠬᠦᠢ ᠵᠣᠬᠢᠶᠠᠨ | ᠪᠠᠶᠢᠭᠤᠯᠤᠯᠲᠠ ᠶᠢᠨ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠬᠠᠩᠭᠠᠭᠰᠠᠨ ᠰᠦᠪᠡᠭᠴᠢ ᠨᠢ | ᠭᠡᠷᠡᠭ ᠢ ᠢᠯᠡᠷᠡᠬᠦᠯᠬᠦ ᠳᠤ ᠦᠨᠡᠨᠬᠦ ᠲᠤᠰᠠ ᠪᠤᠯᠤᠭᠰᠠᠨ ᠪᠤᠯ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠤᠬᠠᠢ | ᠶᠢᠨ ᠬᠦᠮᠦᠨ ᠢ ᠱᠠᠩᠨᠠᠵᠤ ᠵᠤᠷᠢᠬᠵᠢᠭᠤᠯᠤᠨ᠎ᠠ᠃ | 2. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠢᠯᠡᠴᠢᠯᠡᠨ ᠮᠡᠳᠡᠬᠦᠯᠦᠭᠰᠡᠨ ᠬᠦᠮᠦᠨ ᠤ ᠮᠡᠳᠡᠭᠡ | ᠵᠠᠩᠭᠢ ᠶᠢᠨ ᠨᠢᠭᠤᠴᠠ ᠶᠢ ᠬᠠᠮᠠᠭᠠᠯᠠᠨ᠎ᠠ᠂ ᠦᠰ ᠪᠤᠳᠤᠵᠤ ᠠᠶᠤᠯᠭᠠᠨ ᠰᠦᠷᠳᠡᠬᠦᠯᠦᠭᠰᠡᠳ ᠠᠴᠠ ᠬᠠᠤᠯᠢ | ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | 3.ᠢᠯᠡᠴᠢᠯᠡᠨ ᠮᠡᠳᠡᠬᠦᠯᠬᠦ ᠳᠡᠭᠡᠨ ᠭᠡᠷᠡᠭ ᠶᠠᠪᠤᠳᠠᠯ ᠢ ᠬᠠᠭᠤᠷᠮᠠᠭ ᠢᠶᠠᠷ ᠵᠣᠬᠢᠶᠠᠬᠤ ᠪᠤᠶᠤ ᠶᠡᠬᠡᠰᠬᠡᠵᠦ ᠪᠣᠯᠬᠤ | ᠦᠭᠡᠢ᠂ ᠣᠷᠣ ᠦᠭᠡᠢ ᠭᠠᠵᠠᠷ ᠣᠪᠣᠭ᠎ᠠ ᠪᠣᠰᠬᠠᠵᠤ ᠪᠤᠰᠤᠳ ᠢ ᠭᠦᠳᠬᠡᠨ ᠭᠦᠵᠢᠷᠯᠡᠵᠦ ᠪᠣᠯᠬᠤ ᠦᠭᠡᠢ᠂ ᠲᠡᠭᠡᠬᠦ | ᠳᠤ ᠬᠦᠷᠪᠡᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠢᠯᠡᠴᠢᠯᠡᠨ ᠮᠡᠳᠡᠭᠦᠯᠬᠦ ᠤᠲᠠᠰᠤ᠄ 110 ᠪᠤᠶᠤ 0479-8200038 | ᠢᠯᠡᠴᠢᠯᠡᠨ ᠮᠡᠳᠡᠭᠦᠯᠬᠦ ᠢᠮᠧᠯ᠄ xlglmgajslgaj@163.com | ᠬᠠᠶ᠋ᠢᠭ᠄ ᠰᠢᠯᠢᠩᠬᠤᠲᠠ ᠶᠢᠨ ᠡᠷᠳᠡᠨᠢ ᠵᠡᠭᠡᠯᠢ ᠶᠢᠨ ᠪᠦᠯᠬᠦᠮᠳᠡᠯ ᠶᠡᠭᠡ ᠵᠡᠭᠡᠯᠢ ᠶᠢᠨ 297 ᠳ᠋ᠤᠭᠠᠷ ᠨᠣᠮᠧᠷ ᠲᠤ | ᠪᠠᠶᠢᠷᠢᠯᠠᠭ᠎ᠠ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠮᠢ ᠠᠬᠤᠢ ᠣᠷᠴᠢᠨ | ᠲᠣᠭᠤᠷᠢᠨ ᠪᠠ ᠢᠳᠡᠭᠡᠨ ᠤᠮᠳᠠᠭᠠᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠰᠠᠯᠪᠤᠷᠢ ᠠᠩᠭᠢ ︵ | ᠰᠢᠯᠢ ᠶᠢᠨ ᠭᠤᠣᠯ ᠠᠶᠢᠮᠠᠭ ᠤᠨ ᠣᠶ ᠰᠢᠭᠤᠢ ᠶᠢᠨ ᠴᠠᠭᠳᠠᠭᠠᠨ ᠤ ᠲᠣᠪᠴᠢᠶ᠎ᠠ︶ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ |