1 ᠰᠠᠷ᠎ᠠ ᠶᠢᠨ 2 ᠤᠨ ᠡᠳᠦᠷ᠂ ᠬᠤᠩ ᠴᠢ ᠪᠠᠯᠭᠠᠰᠤ 2024 ᠣᠨ ᠤ 1 ᠰᠠᠷ᠎ᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠮᠠᠯ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ | ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠬᠤᠷᠠᠯ ᠳᠤ ᠤᠷᠤᠯᠴᠠᠨ᠂ ᠳᠡᠳ᠋ ᠪᠠᠯᠭᠠᠰᠤᠨ ᠳᠠᠷᠤᠭ᠎ᠠ ᠰᠢᠨ ᠱᠤ᠋ ᠴᠢᠶᠠᠩ ᠬᠤᠷᠠᠯ ᠢ ᠡᠷᠬᠢᠯᠡᠪᠡ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠤᠨ ᠶᠠᠷᠢᠶᠠᠨ ᠳᠠᠭᠠᠨ᠂ ᠨᠢᠭᠡ ᠳᠤ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠎ᠠ᠃ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠡᠷᠬᠢᠨ ᠬᠠᠷᠠᠬᠤ︾ | ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠯᠳᠠ | ᠬᠡᠮᠵᠢᠯᠲᠡ ᠶᠢ ᠰᠠᠶᠢᠨ ᠬᠢᠬᠦ ᠬᠠᠮᠲᠤ᠂ ᠳᠡᠭᠡᠳᠦ ᠱᠠᠲᠤᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ | ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠰᠢᠨᠵᠢᠯᠡᠵᠦ᠂ ᠪᠠᠷᠢᠮᠵᠢᠶ᠎ᠠ ᠲᠠᠢ ᠬᠠᠷᠭᠤᠭᠤᠯᠤᠨ ᠴᠡᠭᠴᠡᠯᠡᠯᠳᠡ ᠶᠢᠨ | ᠲᠠᠩᠰᠠ ᠶᠢ ᠪᠠᠶᠢᠭᠤᠯᠬᠤ ᠬᠡᠷᠡᠭᠲᠡᠢ᠃ ᠬᠤᠶᠠᠷ ᠲᠤ ᠵᠢᠯ ᠤᠨ ᠲᠥᠯᠦᠪᠵᠢᠭᠦᠯᠭᠡ ᠶᠢ ᠰᠠᠶᠢᠨ ᠬᠢᠨ᠎ᠡ᠃ ᠲᠣᠰᠬᠤᠨ ᠤ | ︽ᠬᠤᠶᠠᠷ ᠵᠥᠪᠯᠡᠯ︾ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠲᠤᠰ ᠲᠣᠰᠬᠤᠨ ᠤ ᠪᠠᠨ | ᠨᠥᠬᠦᠴᠡᠯ ᠪᠠᠶᠢᠳᠠᠯ ᠪᠣᠯᠣᠨ ᠬᠥᠭᠵᠢᠯᠲᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ ᠪᠠᠶᠢᠭᠠᠳ ᠲᠤᠰ | ᠲᠣᠰᠬᠤᠨ ᠳᠠᠭᠠᠨ ᠵᠤᠬᠢᠷᠠᠭᠰᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠲᠦᠰᠦᠪ ᠪᠣᠯᠣᠨ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠲᠤᠭᠳᠠᠭᠠᠵᠤ᠂ ᠲᠤᠰ ᠲᠤᠰᠬᠤᠨ ᠤ ᠪᠠᠨ ᠡᠯ᠎ᠡ | ᠲᠦᠷᠦᠯ ᠤᠨ ᠲᠦᠷᠦᠯ ᠵᠦᠢᠯ ᠢ ᠨᠠᠷᠢᠨ ᠲᠦᠯᠦᠪᠵᠢᠬᠦᠯᠵᠦ ᠨᠢᠮᠪᠠᠢ ᠭᠡᠷᠡᠭᠵᠢᠬᠦᠯᠬᠦ ᠭᠡᠷᠡᠭᠳᠡᠢ᠃ ᠭᠤᠷᠪᠠ ᠳᠤ ᠲᠠᠩᠰᠠ | ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠲᠣᠰᠬᠤᠨ ᠤ ᠬᠢᠨ ᠠᠵᠢᠯ ᠤᠨ ᠪᠠᠶᠢᠳᠠᠯ ᠢᠶᠠᠨ ᠨᠠᠷᠢᠨ | ᠬᠢᠨᠠᠮᠠᠭᠠᠢ ᠡᠮᠬᠢᠯᠡᠵᠦ᠂ ᠬᠠᠮᠢᠶ᠎ᠠ ᠪᠦᠬᠦᠢ ᠳᠠᠩᠰᠠ ᠮᠠᠲ᠋ᠧᠷᠢᠶᠠᠯ ᠢ ᠪᠦᠷᠢᠨᠰᠢᠬᠦᠯᠦᠨ᠂ ᠡᠯ᠎ᠡ ᠱᠠᠳᠤᠨ ᠤ ᠡᠯ᠎ᠡ | ᠲᠦᠷᠦᠯ ᠤᠨ ᠪᠠᠶᠢᠴᠠᠭᠠᠯᠳᠠ ᠳᠤ ᠰᠠᠶᠢᠳᠤᠷ ᠪᠡᠯᠡᠳᠭᠡᠬᠦ ᠭᠡᠷᠡᠭᠳᠡᠢ ᠭᠡᠵᠦ ᠴᠢᠬᠤᠯᠠᠴᠢᠯᠠᠪᠠ᠃ ᠰᠢᠨ ᠱᠤ᠋ ᠴᠢᠶᠠᠩ ᠠᠴᠠ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ︽ᠡᠷᠬᠢᠨ ᠬᠠᠷᠠᠬᠤ︾ ᠠᠵᠢᠯᠯᠠᠭᠠᠨ ᠤ ᠲᠤᠬᠠᠢ ᠨᠠᠷᠢᠨ ᠪᠠᠶᠢᠷᠢᠯᠠᠭᠤᠯᠤᠯᠲᠠ ᠬᠢᠵᠡᠢ᠃ |