ᠴᠢᠶᠠᠨ ᠶᠢᠨ ᠭᠧᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠬᠢᠨ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/1/3
  12 ᠰᠠᠷ᠎ᠠ ᠶᠢᠨ 25 ᠤ ᠡᠳᠦᠷ ᠠᠴᠠ 29 ᠤ ᠡᠳᠦᠷ ᠪᠣᠯᠲᠠᠯ᠎ᠠ᠂ ᠴᠢᠶᠠᠨ ᠶᠢᠨ ᠭᠧᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ︽ᠨᠠᠮ ᠤᠨ ᠠᠴᠢ ᠳᠤ ᠲᠠᠯᠠᠷᠬᠠᠨ᠂ ᠨᠠᠮ ᠤᠨ ᠢᠶᠠᠨ ᠦᠭᠡ ᠶᠢ  ᠰᠤᠨᠤᠰᠴᠤ᠂ ᠨᠠᠮ ᠢᠶᠠᠨ  ᠡᠷᠡᠰ ᠳᠠᠭᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠶᠢᠨ ᠠᠵᠢᠯᠯᠠᠭ᠎ᠠ  ᠦᠷᠨᠢᠬᠦᠯᠦᠭᠰᠡᠨ ᠪᠠᠶᠢᠨ᠎ᠠ᠃ ᠤᠬᠠᠭᠤᠯᠭ᠎ᠠ ᠲᠠᠶᠢᠯᠤᠮᠵᠢ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ   ᠶᠢᠨ ᠲᠥᠯᠥᠭᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠬᠡᠷᠡᠭᠵᠢᠭᠦᠯᠬᠦ ᠲᠦᠰᠦᠪ ᠢ ᠲᠣᠭᠲᠠᠭᠠᠨ ᠨᠡᠶᠢᠳᠡᠯᠡᠵᠦ᠂ ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠤᠨ᠂   ᠳᠤᠭᠤᠶᠢᠯᠠᠩ ᠤᠨ ᠭᠡᠰᠢᠬᠦᠳ ᠲᠤ ᠪᠣᠯᠪᠠᠰᠤᠷᠠᠯ ᠬᠦᠷᠲᠡᠭᠡᠵᠦ᠂ ᠠᠵᠢᠯᠯᠠᠭ᠎ᠠ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠡᠯ᠎ᠡ ᠳᠤᠭᠤᠶᠢᠯᠠᠩ ᠤᠨ ᠳᠠᠷᠤᠭ᠎ᠠ ᠨᠢ  ︽ᠨᠠᠮ ᠤᠨ ᠠᠴᠢ ᠳᠤ ᠲᠠᠯᠠᠷᠬᠠᠨ᠂ ᠨᠠᠮ ᠤᠨ ᠢᠶᠠᠨ ᠦᠭᠡ ᠶᠢ  ᠰᠤᠨᠤᠰᠴᠤ᠂ ᠨᠠᠮ ᠢᠶᠠᠨ  ᠡᠷᠡᠰ ᠳᠠᠭᠠᠬᠤ︾  ᠭᠤᠤᠯ ᠰᠡᠳᠦᠪ ᠤᠨ ᠲᠤᠭᠤᠷᠢᠨ ᠳᠤ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠂  ︽ᠲᠠᠪᠤᠨ ᠶᠡᠭᠡ ᠡᠭᠦᠷᠭᠡ︾ ᠶᠢᠨ ᠭᠤᠣᠯ ᠠᠭᠤᠯᠭ᠎ᠠ ᠪᠠ ᠲᠡᠦᠬᠡ ᠶᠢᠨ ᠠᠬᠤᠢ ᠪᠠᠶᠢᠳᠠᠯ   ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾  ᠵᠡᠷᠭᠡ ᠠᠭᠤᠯᠭ᠎ᠠ ᠶᠢ ᠠᠮᠢᠳᠤᠯᠢᠭ ᠪᠣᠳᠠᠲᠠᠢ ᠦᠯᠢᠭᠡᠷ ᠵᠢᠱᠢᠶ᠎ᠡ ᠪᠠ ᠦᠨᠡᠨ ᠪᠣᠳᠠᠲᠠᠢ ᠣᠶᠢᠯᠠᠭᠠᠯᠲᠠ  ᠲᠦᠷᠦᠭᠳᠡᠯ ᠢᠶᠠᠷ ᠳᠠᠮᠵᠢᠭᠤᠯᠤᠨ᠂  ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠲᠤ ᠨᠠᠷᠢᠨ  ᠲᠤᠳᠤᠷᠬᠠᠢ ᠤᠬᠠᠭᠤᠯᠤᠨ  ᠲᠠᠶᠢᠯᠪᠤᠷᠢᠯᠠᠵᠤ᠂  ᠠᠷᠠᠳ ᠤᠨ ᠲᠦᠯᠦᠭᠡᠯᠡᠭᠴᠢᠳ ᠢ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠤᠨ᠂  ᠤᠯᠠᠨ ᠲᠦᠮᠡᠨ ᠢ ᠬᠥᠲᠥᠯᠥᠨ ᠳᠠᠭᠠᠭᠤᠯᠵᠤ  ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠤᠷᠢᠶᠠᠯᠠᠪᠠ᠃ ᠤᠬᠠᠭᠤᠯᠭ᠎ᠠ ᠲᠠᠶᠢᠯᠤᠮᠵᠢ ᠶᠢ ᠰᠣᠨᠣᠰᠤᠭᠰᠠᠨ ᠠᠷᠠᠳ ᠤᠨ ᠲᠥᠯᠥᠭᠡᠯᠡᠭᠴᠢᠳ ᠪᠦᠷ ᠮᠠᠰᠢ ᠶᠡᠭᠡ  ᠬᠦᠮᠦᠵᠢᠯ ᠬᠦᠷᠳᠡᠵᠦ ᠵᠣᠷᠢᠭᠵᠢᠭᠤᠯᠤᠯ  ᠤᠯᠤᠯ᠎ᠠ ᠬᠡᠮᠡᠨ ᠢᠯᠡᠷᠬᠡᠶᠢᠯᠡᠵᠦ᠂  ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠲᠡᠭᠡᠭᠰᠢᠯᠡᠬᠦᠯᠦᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠡᠩ ᠭᠦᠨᠵᠡᠭᠡᠢ ᠰᠤᠷᠤᠯᠴᠠᠨ ᠣᠶᠢᠯᠠᠭᠠᠵᠤ᠂ ︽ᠲᠠᠪᠤᠨ ᠦᠬᠦᠯᠡᠪᠦᠷᠢ︾ ᠶᠢᠨ ᠪᠣᠳᠠᠲᠤ ᠶᠠᠪᠤᠳᠠᠯ ᠶᠣᠰᠣ ᠤᠴᠢᠷ ᠢ ᠪᠠᠲᠤ ᠴᠡᠭᠡᠵᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂  ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ  ︽ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号