ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠷᠯᠠᠯ
ᠨᠡᠶᠢᠲᠡᠯᠡᠭᠰᠡᠨ ᠴᠠᠭ᠄
2024/1/31
   ᠱᠠᠯᠢᠭ ᠵᠦᠢᠯ ᠪᠠ ᠮᠦᠷᠦᠢ ᠲᠠᠢ ᠲᠤᠭᠯᠠᠭᠠᠮ ᠳᠤ ᠬᠤᠯᠪᠣᠭᠳᠠᠭᠰᠠᠨ᠂ ᠠᠷᠢᠬᠢ ᠤᠤᠭᠤᠵᠤ ᠬᠡᠷᠡᠭ ᠡᠳᠦᠭᠰᠡᠨ᠂ ᠬᠡᠷᠡᠭᠦᠯ ᠵᠣᠳᠣᠭᠠᠨ ᠬᠢᠭᠰᠡᠨ ᠵᠡᠷᠭᠡ ᠨᠡᠶᠢᠭᠡᠮ ᠤᠨ ᠠᠮᠤᠷ ᠲᠦᠪᠰᠢᠨ ᠤ ᠲᠣᠪᠣᠶᠢᠮ᠎ᠠ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠪᠦᠭᠦ ᠬᠤᠰᠢᠭᠤᠨ ᠤ ᠠᠮᠤᠷ ᠲᠣᠭᠲᠠᠭᠤᠨ ᠨᠡᠶᠢᠭᠡᠮ ᠤᠨ ᠣᠷᠴᠢᠨ ᠠᠬᠤᠢ ᠶᠢ ᠤᠯᠠᠮ  ᠰᠠᠶᠢᠨ ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠯᠭᠤᠬᠤ ᠬᠠᠤᠯᠢ︾᠂ ︽ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠳᠦᠷᠢᠮ ᠢ  ᠦᠨᠳᠦᠰᠦᠯᠡᠵᠦ᠂ ᠲᠤᠰ ᠵᠠᠷᠯᠠᠯ ᠢ ᠨᠡᠶᠢᠳᠡᠯᠡᠪᠡ᠄    ᠨᠢᠭᠡ᠂ KTV᠂  ᠪᠠᠭᠠᠷ ᠮᠤᠬᠤᠯᠠᠭ᠂ ᠤᠬᠢᠶᠠᠯᠭ᠎ᠠ ᠶᠢᠨ ᠭᠠᠵᠠᠷ᠂  ᠵᠤᠴᠢᠳ ᠤᠨ ᠪᠠᠭᠤᠳᠠᠯ ᠵᠡᠷᠭᠡ  ᠡᠵᠡᠩᠨᠡᠯᠲᠡ ᠶᠢᠨ ᠭᠠᠵᠠᠷ ᠲᠤ ᠶᠠᠩᠬᠠᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂  ᠠᠯᠪᠠᠳᠠᠵᠤ ᠬᠢᠯᠭᠡᠬᠦ᠂  ᠬᠦᠮᠦᠨ ᠲᠠᠨᠢᠯᠴᠠᠭᠤᠯᠬᠤ᠂  ᠬᠤᠨᠤᠭ ᠪᠠᠶᠢᠷᠢ ᠬᠠᠩᠭᠠᠬᠤ ᠳᠤ  ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃    ᠬᠤᠶᠠᠷ᠂ ᠸᠢᠴᠠᠲ᠂ QQ᠂ ᠬᠤᠷᠳᠤᠨ ᠭᠠᠷ᠂ ᠴᠤᠤᠷᠢᠶ᠎ᠠ᠂  ᠬᠤᠭᠤᠯᠠ ᠬᠦᠷᠭᠡᠭᠴᠢ ᠵᠡᠷᠭᠡ ᠰᠦᠯᠵᠢᠶᠡᠨ ᠤ ᠲᠠᠪᠴᠠᠩ ᠢ ᠠᠰᠢᠭᠯᠠᠨ ᠶᠠᠩᠬᠠᠨ ᠳᠤ ᠣᠷᠣᠬᠤ᠂ ᠶᠠᠩᠬᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠱᠠᠯᠢᠭ ᠵᠠᠪᠬᠠᠢ ᠡᠳ᠋ ᠪᠣᠳᠠᠰ ᠢ ᠤᠯᠠᠮᠵᠢᠯᠠᠨ ᠲᠠᠷᠬᠠᠭᠠᠬᠤ᠂ ᠱᠠᠯᠢᠭ ᠵᠠᠪᠬᠠᠢ ᠲᠣᠭᠯᠠᠯᠲᠠ ᠶᠢ ᠵᠣᠬᠢᠶᠠᠨ ᠪᠠᠶᠢᠭᠤᠯᠬᠤ ᠵᠡᠷᠭᠡ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃    ᠭᠤᠷᠪᠠ᠂ ᠸᠢᠴᠠᠲ᠂ QQ᠂ ᠬᠤᠷᠳᠤᠨ ᠭᠠᠷ᠂ ᠴᠤᠤᠷᠢᠶ᠎ᠠ ᠵᠡᠷᠭᠡ ᠰᠦᠯᠵᠢᠶᠡᠨ ᠤ ᠲᠠᠪᠴᠠᠩ ᠢ ᠠᠰᠢᠭᠯᠠᠨ ᠬᠦᠮᠦᠨ ᠴᠤᠭᠯᠠᠭᠤᠯᠵᠤ ᠮᠦᠷᠦᠢ ᠲᠠᠢ ᠲᠤᠭᠯᠠᠭᠠᠮ ᠬᠢᠬᠦ ᠪᠤᠶᠤ ᠮᠦᠷᠦᠢ ᠲᠠᠢ ᠲᠤᠭᠯᠠᠭᠠᠮ ᠤᠨ ᠭᠠᠵᠠᠷ ᠬᠠᠩᠭᠠᠭᠰᠠᠳ  ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠳᠥᠷᠪᠡ᠂  ᠬᠥᠳᠡᠭᠡ ᠲᠣᠰᠬᠤᠨ ᠪᠤᠶᠤ ᠬᠡᠭᠡᠷ᠎ᠡ ᠭᠠᠳᠠᠨ᠎ᠠ ᠮᠦᠷᠦᠢ ᠲᠠᠢ ᠲᠤᠭᠯᠠᠭᠠᠮ ᠤᠨ ᠨᠢᠭᠤᠴᠠ ᠲᠠᠯᠠᠪᠤᠷ ᠭᠠᠷᠭᠠᠵᠤ᠂ ᠣᠯᠠᠭᠤᠯᠠ ᠨᠡᠶᠢᠯᠡᠵᠦ ᠵᠣᠭᠤᠰ ᠨᠠᠭᠠᠳᠤᠭᠰᠠᠳ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠲᠠᠪᠤ᠂ ᠤᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ ᠲᠤ ᠮᠦᠷᠦᠢ ᠲᠠᠢ ᠲᠤᠭᠯᠠᠭᠠᠮ ᠤᠨ ᠮᠠᠰᠢᠨ ᠲᠠᠯᠪᠢᠵᠤ ᠮᠦᠷᠦᠢ ᠲᠠᠢ ᠲᠤᠭᠯᠠᠭᠠᠮ ᠨᠠᠭᠠᠳᠤᠭᠰᠠᠳ ᠲᠤ  ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠵᠢᠷᠭᠤᠭ᠎ᠠ᠂ ᠠᠷᠢᠬᠢ  ᠤᠤᠭᠤᠵᠤ ᠬᠡᠷᠡᠭ ᠡᠳᠦᠵᠦ ᠬᠡᠷᠡᠭᠦᠯ ᠵᠤᠳᠤᠭᠠᠨ ᠬᠢᠭᠰᠡᠳ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃    ᠲᠤᠯᠤᠭ᠎ᠠ᠂ KTV᠂  ᠪᠠᠭᠠᠷ ᠮᠤᠬᠤᠯᠠᠭ᠂ ᠤᠬᠢᠶᠠᠯᠭ᠎ᠠ ᠶᠢᠨ ᠭᠠᠵᠠᠷ᠂ ᠴᠢᠴᠢᠭᠦᠷ ᠪᠥᠮᠪᠦᠭᠡ ᠶᠢᠨ ᠲᠢᠩᠬᠢᠮ᠂ ᠨᠠᠭᠠᠳᠤᠮ ᠲᠣᠭᠯᠠᠭᠠᠮ ᠤᠨ ᠭᠠᠵᠠᠷ ᠵᠡᠷᠭᠡ ᠵᠤᠭ᠎ᠠ ᠴᠡᠩᠭᠡᠯ ᠤᠨ ᠲᠠᠯᠠᠪᠤᠷ ᠲᠤ ᠬᠡᠷᠡᠭᠦᠯ ᠵᠣᠳᠣᠭᠠᠨ ᠡᠬᠦᠰᠭᠡᠪᠡᠯ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃    ᠨᠠᠢᠮᠠ᠂ ᠰᠤᠷᠭᠠᠭᠤᠯᠢ ᠶᠢᠨ ᠬᠦᠷᠢᠶ᠎ᠡ᠂ ᠰᠥᠨᠢ ᠶᠢᠨ ᠵᠠᠬ᠎ᠠ  ᠂  ᠲᠡᠯᠬᠡᠬᠦᠷ ᠬᠤᠳᠠᠯᠳᠤᠭ᠎ᠠ᠂ ᠡᠮᠨᠡᠯᠭᠡ ᠶᠢᠨ ᠬᠤᠷᠢᠶ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠲᠡ ᠶᠢᠨ ᠮᠠᠰᠢᠨ ᠤ ᠦᠷᠲᠡᠭᠡ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠬᠡᠷᠡᠭᠦᠯ ᠵᠣᠳᠣᠭᠠᠨ ᠡᠬᠦᠰᠭᠡᠪᠡᠯ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠶᠢᠰᠦ᠂ ᠪᠦᠯᠦᠭᠯᠡᠨ ᠵᠣᠳᠣᠯᠳᠤᠭᠰᠠᠨ᠂  ᠵᠡᠪᠰᠡᠭ ᠠᠳᠬᠤᠵᠤ ᠪᠤᠰᠤᠳ ᠢ ᠵᠣᠳᠣᠭᠰᠠᠨ ᠦᠢᠯᠡ ᠠᠵᠢᠯᠯᠠᠭ᠎ᠠ  ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠠᠷᠪᠠ᠂ ᠵᠡᠮᠳᠡᠭᠴᠦᠳ᠂ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ ᠪᠠᠭᠠᠴᠤᠳ ᠢ ᠵᠣᠳᠣᠵᠤ ᠰᠢᠷᠬᠠᠲᠤᠭᠤᠯᠤᠭᠰᠠᠨ᠂  ᠪᠠᠭᠤᠷᠠᠶᠢᠴᠤᠳ ᠤᠨ ᠡᠷᠬᠡ ᠠᠰᠢᠭ ᠲᠤ ᠬᠠᠯᠳᠠᠭᠰᠠᠨ ᠪᠤᠯ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠠᠷᠪᠠᠨ ᠨᠢᠭᠡ᠂ ᠪᠤᠰᠤᠳ ᠢ ᠢᠯᠠ ᠪᠠᠷ ᠭᠤᠲᠤᠭᠠᠨ ᠳᠣᠷᠣᠮᠵᠢᠯᠠᠭᠰᠠᠨ᠂ ᠵᠣᠷᠢᠭᠤᠳᠠ ᠬᠡᠷᠡᠭ ᠡᠳᠦᠵᠦ ᠬᠡᠷᠡᠭᠦᠯ ᠵᠣᠳᠣᠭᠠᠨ ᠬᠢᠭᠰᠡᠨ ᠪᠤᠯ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃     ᠠᠷᠪᠠᠨ ᠬᠤᠶᠠᠷ᠂ ᠪᠠᠶᠢᠭᠤᠯᠭ᠎ᠠ  ᠨᠢᠬᠡᠴᠡ᠂ ᠮᠠᠰᠢᠨ ᠲᠡᠷᠭᠡᠨ ᠤ ᠦᠷᠳᠡᠭᠡ᠂ ᠭᠠᠯᠲᠤ ᠲᠡᠷᠭᠡᠨ ᠤ ᠦᠷᠳᠡᠭᠡ᠂ ᠨᠢᠰᠬᠡᠯ ᠤᠨ ᠪᠠᠭᠤᠳᠠᠯ ᠵᠡᠷᠭᠡ ᠭᠠᠵᠠᠷ ᠲᠤ ᠬᠡᠷᠡᠭᠦᠯ ᠵᠣᠳᠣᠭᠠᠨ ᠬᠢᠪᠡᠯ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃    ᠠᠷᠪᠠᠨ ᠭᠤᠷᠪᠠ᠂ ᠬᠠᠤᠯᠢ ᠵᠥᠷᠢᠴᠡᠵᠦ ᠶᠠᠯ᠎ᠠ ᠬᠢᠵᠦ ᠥᠩᠭᠡᠷᠡᠭᠰᠡᠨ ᠬᠦᠮᠦᠰ ᠪᠤᠰᠤᠳ ᠢ ᠵᠣᠷᠢᠭᠤᠳᠠ ᠭᠡᠮᠲᠦᠭᠡᠭᠰᠡᠨ᠂  ᠴᠤᠬᠢᠵᠤ ᠵᠣᠳᠣᠭᠰᠠᠨ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠶᠢ ᠲᠠᠬᠢᠵᠤ ᠬᠢᠭᠰᠡᠨ ᠪᠤᠯ ᠬᠠᠤᠯᠢ ᠶᠣᠰᠣᠭᠠᠷ ᠴᠢᠩᠭ᠎ᠠ ᠴᠣᠬᠢᠯᠲᠠ  ᠦᠭᠴᠦ ᠬᠦᠨᠳᠦ ᠪᠠᠷ ᠰᠢᠳᠭᠡᠨ᠎ᠡ᠃     ᠥᠷᠭᠡᠨ ᠤᠯᠠᠨ ᠠᠷᠠᠳ ᠢᠷᠭᠡᠳ ᠠᠮᠤᠷ ᠲᠦᠪᠰᠢᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠱᠠᠯᠢᠭ ᠵᠦᠢᠯ ᠮᠦᠷᠦᠢ ᠲᠠᠢ ᠲᠤᠭᠯᠠᠭᠠᠮ ᠳᠤ ᠬᠤᠯᠪᠤᠭᠳᠠᠭᠰᠠᠨ᠂ ᠠᠷᠢᠬᠢ ᠤᠤᠭᠤᠭᠰᠠᠨ ᠤ ᠲᠠᠷᠠᠭ᠎ᠠ ᠬᠡᠷᠡᠭ  ᠡᠳᠦᠵᠦ ᠬᠡᠷᠡᠭᠦᠯ ᠵᠣᠳᠣᠭᠠᠨ ᠬᠢᠭᠰᠡᠨ ᠵᠡᠷᠭᠡ ᠠᠮᠤᠷ ᠢ ᠬᠠᠮᠠᠭᠠᠯᠠᠬᠤ ᠬᠠᠤᠯᠢ ᠲᠦᠷᠢᠮ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠳᠡᠭᠡᠷ᠎ᠡ ᠳᠤᠷᠠᠳᠤᠭᠰᠠᠨ  ᠶᠠᠯᠠᠲᠤ ᠠᠵᠢᠯᠯᠠᠭ᠎ᠠ ᠶᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠳᠡᠪᠬᠢᠲᠡᠢ ᠪᠠᠷ ᠢᠯᠡᠴᠢᠯᠡᠨ  ᠮᠡᠳᠡᠬᠦᠯᠬᠦ ᠭᠡᠷᠡᠭᠳᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃ ᠬᠠᠤᠯᠢ ᠵᠥᠷᠢᠴᠡᠵᠦ ᠶᠠᠯ᠎ᠠ ᠬᠢᠭᠰᠡᠳ ᠢ ᠥᠮᠥᠭᠯᠡᠭᠰᠡᠨ᠂ ᠳᠤᠷ᠎ᠠ ᠪᠠᠷ ᠨᠢ ᠲᠠᠯᠪᠢᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠢᠯᠡᠴᠢᠯᠡᠨ ᠮᠡᠳᠡᠭᠦᠯᠬᠦ ᠤᠲᠠᠰᠤ᠄ 110                                   ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                2024 ᠣᠨ ᠤ 1 ᠰᠠᠷ᠎ᠠ ᠶᠢᠨ 2 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号