︽ᠪᠣᠯᠪᠠᠰᠤᠨ ᠰᠢᠨ᠎ᠡ ᠰᠤᠷᠲᠠᠯ ᠢ ᠲᠡᠯᠬᠡᠷᠡᠬᠦᠯᠵᠦ ᠪᠣᠯᠪᠠᠰᠤᠨ ᠴᠠᠭᠠᠨ ᠰᠠᠷ᠎ᠠ ᠪᠠᠨ ᠤᠭᠳᠤᠬᠤ︾ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/1/31
ᠪᠥᠬᠦ ᠬᠤᠰᠢᠭᠤᠨ ᠤ ᠠᠷᠠᠳ ᠤᠯᠠᠨ ᠳᠤ᠄     ᠪᠠᠶᠠᠷ ᠴᠡᠩᠬᠡᠯ ᠤᠨ ᠠᠶ᠎ᠠ ᠳᠠᠭᠤᠤ ᠬᠠᠭᠤᠴᠢᠨ ᠵᠢᠯ ᠢ ᠦᠳᠡᠵᠦ᠂ ᠪᠣᠯᠪᠠᠰᠤᠨ ᠰᠢᠨ᠎ᠡ ᠬᠡᠪ ᠰᠤᠷᠲᠠᠯ ᠲᠦᠮᠡᠨ ᠡᠷᠦᠬᠡ ᠶᠢ ᠤᠮᠳᠠᠯᠠᠨ᠎ᠠ᠃   ᠦᠯᠵᠡᠢ ᠪᠡᠯᠭᠡᠳᠦ ᠴᠠᠭᠠᠨ ᠰᠠᠷ᠎ᠠ ᠡᠳᠦᠷ ᠢᠷᠡᠬᠦᠶ᠎ᠡ ᠨᠠᠰᠢᠯᠠᠵᠤ ᠪᠠᠶᠢᠭ᠎ᠠ ᠮᠦᠴᠡ ᠳᠤ᠂   ᠪᠦᠳᠦᠬᠦᠯᠢᠭ ᠵᠠᠩ ᠳᠠᠳᠬᠠᠯ   ᠢ ᠦᠬᠡᠷᠡᠴᠢᠯᠡᠨ᠂ ᠪᠣᠯᠪᠠᠰᠤᠨ ᠰᠢᠨ᠎ᠡ ᠰᠤᠷᠲᠠᠯ   ᠢ ᠲᠡᠯᠬᠡᠷᠡᠬᠦᠯᠵᠦ᠂ ᠪᠣᠯᠪᠠᠰᠤᠨ ᠰᠠᠶᠢᠬᠠᠨ᠂ ᠠᠮᠤᠷ ᠠᠮᠤᠭᠤᠯᠠᠩ᠂ ᠠᠷᠪᠢᠴᠢ ᠭᠠᠮᠲᠠᠢ᠂ ᠥᠯᠵᠡᠢ ᠪᠡᠯᠭᠡ ᠲᠠᠢ  ᠰᠢᠨᠡᠯᠡᠬᠦ   ᠶᠢᠨ ᠲᠥᠯᠥᠭᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂  ᠰᠢᠨ᠎ᠡ ᠴᠠᠭ ᠦᠶ᠎ᠡ   ᠶᠢᠨ ᠪᠣᠯᠪᠠᠰᠤᠨ ᠤ ᠦᠢᠯᠡᠳᠦᠯᠭᠡ   ᠶᠢᠨ ᠦᠢᠯᠡᠴᠢᠯᠡᠭᠡᠨ ᠤ ᠲᠥᠪ ᠠᠴᠠ ᠡᠨᠡᠬᠦ ᠰᠠᠨᠠᠭᠠᠴᠢᠯᠠᠭ᠎ᠠ ᠶᠢ ᠭᠠᠷᠭᠠᠯ᠎ᠠ     ᠨᠢᠭᠡ᠂ ᠶᠠᠪᠤᠵᠤ ᠰᠠᠭᠤᠬᠤ ᠳᠠᠭᠠᠨ ᠪᠤᠯᠪᠠᠰᠤᠨ ᠶᠤᠰᠤᠷᠬᠠᠭ ᠪᠠᠶᠢᠵᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠵᠢᠷᠤᠮᠯᠠᠨ᠎ᠠ᠂ ᠵᠠᠮ ᠪᠤᠯᠢᠶᠠᠯᠳᠤᠬᠤ ᠦᠭᠡᠢ᠂  ᠳᠤᠷ᠎ᠠ ᠪᠠᠷ ᠢᠶᠠᠨ ᠵᠠᠮ ᠤᠭᠳᠤᠯᠬᠤ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ ᠦᠭᠡᠢ ᠪᠠᠶᠢᠵᠤ᠂  ᠭᠠᠯ ᠢ ᠰᠡᠷᠭᠡᠶᠢᠯᠡᠬᠦ᠂  ᠬᠤᠯᠠᠭᠠᠢ ᠶᠢ ᠰᠡᠷᠭᠡᠶᠢᠯᠡᠬᠦ᠂ ᠲᠡᠯᠪᠡᠷᠡᠯᠳᠡ ᠶᠢ ᠰᠡᠷᠭᠡᠶᠢᠯᠡᠬᠦ ᠶᠢ ᠠᠩᠬᠠᠷᠤᠨ᠂  ᠫᠤᠤᠵᠢᠩ ᠲᠠᠯᠪᠢᠬᠤ ᠦᠭᠡᠢ ᠪᠤᠶᠤ ᠴᠥᠭᠡᠨ ᠲᠠᠯᠪᠢᠵᠤ᠂ ︽ᠠᠮᠤᠷ ᠠᠮᠤᠭᠤᠯᠠᠩ ᠪᠣᠯ  ᠠᠵᠠ ᠵᠢᠷᠭᠠᠯ︾  ᠬᠡᠮᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠶ ᠪᠤᠯᠭᠠᠨ᠂  ᠪᠠᠶᠠᠷ ᠵᠢᠷᠭᠠᠯ ᠲᠠᠢ ᠠᠮᠤᠷ ᠠᠮᠤᠭᠤᠯᠠᠩ ᠰᠢᠨᠡᠯᠡᠵᠡᠬᠡᠶ᠎ᠡ᠃     ᠬᠤᠶᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂  ᠠᠪᠤ ᠡᠵᠢ ᠪᠠᠨ ᠠᠴᠢᠯᠠᠨ᠂  ᠠᠬᠠᠰ ᠵᠠᠬᠠᠰ ᠢᠶᠠᠨ ᠬᠦᠨᠳᠦᠯᠡᠵᠦ  ᠂ ᠲᠦᠷᠦᠯ ᠰᠠᠳᠤᠨ ᠨᠠᠶᠢᠵᠠ ᠨᠥᠬᠦᠳ ᠢᠶᠠᠨ ᠡᠷᠭᠢᠵᠦ  ᠲᠤᠬᠤᠨᠢᠭᠤᠯᠤᠨ᠎ᠠ᠃ ︽ᠨᠡᠮᠡᠷᠢ ᠬᠠᠨᠳᠢᠪᠯᠠᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂  ᠬᠠᠮᠳᠤᠪᠠᠷ ᠳᠠᠪᠰᠢᠬᠤ︾  ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ  ᠤᠷᠤᠯᠴᠠᠨ᠂  ᠬᠠᠵᠠᠭᠤ ᠬᠠᠪᠢ ᠶᠢᠨ ᠢᠶᠠᠨ  ᠨᠠᠰᠤᠳᠠᠢ ᠵᠡᠮᠳᠡᠭ ᠬᠦᠮᠦᠰ᠂ ᠡᠪᠡᠳᠴᠢᠨ ᠵᠤᠪᠠᠯᠠᠩ ᠲᠠᠢ ᠬᠦᠮᠦᠰ᠂  ᠬᠦᠴᠢᠷᠳᠡᠯ ᠲᠤᠯᠭᠠᠷᠠᠭᠰᠠᠨ ᠭᠡᠷ ᠪᠦᠯᠢ᠂ ᠭᠡᠷ ᠢᠶᠠᠨ ᠰᠠᠬᠢᠭᠰᠠᠨ ᠬᠡᠦᠬᠡᠳ ᠪᠠᠭᠠᠴᠤᠳ ᠵᠡᠷᠭᠡ ᠨᠡᠶᠢᠭᠡᠮ ᠤᠨ ᠪᠠᠭᠤᠷᠠᠶᠢᠴᠤᠳ ᠶᠢ  ᠢᠳᠡᠪᠬᠢᠳᠡᠢ ᠪᠠᠷ ᠬᠠᠪᠰᠤᠷᠤᠨ ᠲᠤᠰᠠᠯᠠᠵᠤ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠭᠡᠨ᠂  ᠪᠦᠯᠬᠦᠮᠳᠡᠯ ᠨᠥᠬᠦᠷᠯᠡᠯ ᠲᠠᠢ ᠬᠠᠯᠠᠭᠤᠨ ᠲᠤᠯᠠᠭᠠᠬᠠᠨ ᠰᠢᠨᠡᠯᠡᠵᠡᠭᠡᠶ᠎ᠡ    ᠭᠤᠷᠪᠠ᠂ ᠪᠤᠯᠬᠢ ᠪᠦᠳᠦᠬᠦᠯᠢᠭ ᠵᠠᠩ ᠳᠠᠳᠬᠠᠯ ᠢᠶᠠᠨ ᠦᠬᠡᠷᠡᠴᠢᠯᠡᠵᠦ᠂ ᠠᠷᠪᠢᠯᠠᠵᠤ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ  ᠡᠰᠡᠷᠬᠦᠴᠡᠨ᠎ᠡ᠃  ᠠᠳᠠᠭᠠᠷᠬᠠᠵᠤ ᠠᠳᠠᠯᠢᠳᠬᠠᠬᠤ᠂  ᠯᠠᠷᠵᠢᠶᠠᠯᠠᠵᠤ ᠶᠠᠩᠪᠠᠯᠠᠬᠤ ᠮᠠᠭᠤ ᠳᠠᠳᠬᠠᠯ ᠢ ᠲᠠᠶᠠᠭᠳᠠᠵᠤ᠂ ᠣᠶᠤᠨᠴᠢ ᠪᠠᠷ ᠬᠡᠷᠡᠭᠯᠡᠭᠡ ᠬᠢᠬᠦ᠂ ᠪᠣᠯᠪᠠᠰᠤᠨ ᠢᠶᠠᠷ  ᠢᠳᠡᠵᠦ ᠤᠤᠭᠤᠬᠤ᠂  ᠪᠤᠬᠢᠷᠳᠤᠯ ᠦᠬᠡᠢ ᠶᠠᠪᠤᠵᠤ ᠰᠠᠭᠤᠬᠤ ᠶᠢ ᠪᠠᠷᠢᠮᠳᠠᠯᠠᠨ  ᠂  ᠪᠠᠶᠢᠭᠠᠯᠢ ᠳᠤ ᠲᠤᠰᠠᠳᠠᠢ᠂ ᠡᠨᠧᠷᠭᠢ ᠳᠤ ᠠᠷᠪᠢᠳᠠᠢ ᠪᠠᠶᠠᠷ ᠳᠤᠷᠠᠰᠬᠠᠯ ᠤᠨ ᠠᠵᠢᠯᠯᠠᠭ᠎ᠠ ᠬᠢᠵᠦ  ᠂  ᠠᠵᠢᠯᠴᠢ ᠪᠣᠷᠣᠭᠵᠢᠭᠤᠨ ᠠᠷᠪᠢᠴᠢ ᠭᠠᠮᠲᠠᠢ ᠰᠢᠨᠡᠯᠡᠵᠡᠭᠡᠶ᠎ᠡ᠃      ᠲᠦᠷᠪᠡ᠂ ᠨᠠᠭᠠᠳᠤᠮ ᠲᠤᠭᠯᠠᠭᠠᠮ ᠢ ᠪᠤᠯᠪᠠᠰᠤᠨ ᠶᠠᠪᠤᠭᠳᠠᠭᠤᠯᠵᠤ᠂ ᠠᠷᠢᠬᠢ ᠤᠤᠭᠤᠬᠤ ᠦᠭᠡᠢ᠂  ᠮᠦᠷᠦᠢ  ᠲᠠᠢ ᠲᠤᠭᠯᠠᠬᠤ ᠦᠭᠡᠢ᠂ ᠮᠤᠬᠤᠷ ᠪᠢᠰᠢᠷᠡᠯ ᠰᠢᠲᠦᠬᠦ ᠦᠭᠡᠢ᠂ ᠰᠦᠨᠢᠵᠢᠯᠡᠨ ᠨᠠᠭᠠᠳᠴᠤ ᠴᠡᠩᠭᠡᠯᠳᠦᠬᠦ ᠦᠭᠡᠢ᠂ ᠠᠷᠠᠳ ᠤᠯᠠᠨ ᠢ ᠦᠢᠮᠡᠭᠦᠯᠬᠦ ᠦᠬᠡᠢ᠃ ᠨᠡᠶᠢᠭᠡᠮ ᠨᠡᠶᠢᠲᠡ ᠶᠢᠨ ᠶᠣᠰᠣ ᠮᠣᠷᠠᠯ ᠢ ᠰᠠᠬᠢᠵᠤ᠂ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠵᠤ ᠬᠠᠮᠠᠭᠠᠯᠠᠨ᠂ ᠣᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠵᠤ᠂  ᠠᠵᠢᠯᠯᠠᠵᠤ ᠠᠮᠠᠷᠠᠬᠤ ᠪᠠᠨ ᠵᠦᠢ ᠵᠣᠬᠢᠰᠲᠠᠢ ᠲᠤᠬᠢᠷᠠᠭᠤᠯᠤᠨ᠂  ᠢᠯᠡᠬᠦᠬᠡᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠵᠤ᠂  ᠢᠯᠡᠬᠦᠬᠡᠨ ᠨᠣᠮ ᠪᠢᠴᠢᠭ ᠤᠩᠰᠢᠵᠤ᠂   ᠡᠷᠡᠬᠦᠯ ᠡᠩᠬᠡ ᠪᠤᠯᠪᠠᠰᠤᠨ ᠰᠠᠶᠢᠬᠠᠨ ᠰᠢᠨᠡᠯᠡᠵᠡᠬᠡᠶ᠎ᠡ     ᠲᠠᠪᠤ᠂  ᠰᠢᠨᠵᠢᠯᠡᠬᠦ ᠤᠬᠠᠭᠠᠨ ᠢ  ᠳᠡᠭᠡᠳᠦᠯᠡᠵᠦ᠂  ᠪᠣᠯᠬᠢ ᠳᠠᠳᠬᠠᠯ ᠢ ᠲᠠᠶᠠᠭᠳᠠᠨ  ᠂ ᠰᠣᠷᠭᠤᠭ ᠴᠡᠴᠡᠭ ᠤᠨ ᠳᠠᠬᠢᠯᠭ᠎ᠠ᠂ ᠰᠦᠯᠵᠢᠶᠡᠨ ᠳᠡᠭᠡᠷᠡᠬᠢ ᠳᠠᠬᠢᠯᠭ᠎ᠠ ᠵᠡᠷᠭᠡ  ᠰᠢᠨ᠎ᠡ ᠴᠠᠭ ᠦᠶ᠎ᠡ ᠶᠢᠨ ᠪᠤᠯᠪᠠᠰᠤᠨ ᠳᠠᠬᠢᠯᠭ᠎ᠠ ᠬᠢᠵᠦ᠂  ᠭᠠᠯ ᠠᠪᠴᠤ ᠠᠭᠤᠯᠠᠨ ᠳᠤ ᠭᠠᠷᠬᠤ᠂  ᠨᠤᠳᠤᠭ ᠪᠡᠯᠴᠢᠭᠡᠷ ᠤᠢ ᠮᠤᠳᠤᠨ ᠳᠤ ᠴᠠᠭᠠᠰᠤ  ᠰᠢᠳᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ ᠶᠢ ᠴᠡᠭᠡᠷᠯᠡᠨ᠂  ᠭᠠᠯ ᠲᠦᠢᠮᠡᠷ ᠤᠨ  ᠠᠶᠤᠯ ᠭᠡᠮ ᠢ ᠠᠷᠢᠯᠭᠠᠵᠤ᠂ ᠠᠮᠤᠷ ᠮᠡᠨᠳᠦ ᠠᠵᠠ ᠵᠢᠷᠭᠠᠯ ᠲᠠᠢ  ᠰᠢᠨᠡᠯᠡᠵᠡᠬᠡᠶ᠎ᠡ᠃    ᠰᠢᠨ᠎ᠡ ᠵᠢᠯ ᠢᠶᠠᠨ ᠰᠢᠨ᠎ᠡ ᠳᠦᠷᠰᠦ ᠪᠠᠶᠢᠳᠠᠯ ᠢᠶᠠᠷ ᠤᠭᠳᠤᠵᠤ᠂ ᠰᠢᠨ᠎ᠡ ᠵᠢᠯ   ᠢᠶᠠᠨ ᠰᠢᠨ᠎ᠡ ᠬᠡᠪ ᠰᠤᠷᠲᠠᠯ ᠢᠶᠠᠷ ᠪᠡᠯᠭᠡᠯᠡᠨ᠎ᠡ᠃ ᠰᠢᠨ᠎ᠡ ᠨᠢᠭᠡᠨ ᠵᠢᠯ ᠳᠤ ᠲᠠ ᠪᠦᠬᠦᠨ ᠤ ᠶᠠᠭᠤ ᠰᠠᠨᠠᠭᠰᠠᠨ ᠶᠢᠰᠦᠨ ᠴᠠᠭᠠᠨ ᠬᠦᠰᠡᠯ ᠴᠢᠨᠢ ᠪᠡᠶᠡᠯᠡᠭᠳᠡᠵᠦ᠂ ᠭᠡᠷ ᠬᠤᠲᠠᠯᠠᠭᠠᠷ ᠢᠶᠠᠷ ᠢᠶᠠᠨ ᠪᠠᠶᠠᠷ ᠵᠢᠷᠭᠠᠯ ᠲᠠᠢ ᠪᠠᠶᠢᠬᠤ ᠶᠢ ᠵᠦᠩᠨᠡᠶ᠎ᠡ︕  ᠰᠠᠶᠢᠨ ᠰᠢᠨᠡᠯᠡᠭᠡᠷᠡᠢ︕       ᠲᠠᠶᠢᠹᠤᠰᠧ ᠬᠤᠰᠢᠭᠤᠨ ᠨᠠᠮ ᠤᠨ ᠤ ᠬᠤᠷᠢᠶᠠᠨ ᠤ ᠤᠬᠠᠭᠤᠯᠬᠤ ᠬᠡᠯᠲᠡᠰ      ᠲᠠᠶᠢᠹᠤᠰᠧ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ      ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ  ᠲᠦᠪ                               2024 ᠤᠨ ᠤ 1 ᠰᠠᠷ᠎ᠠ ᠶᠢᠨ 26 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号