ᠶᠦᠩ ᠹᠧᠩ ᠪᠠᠯᠭᠠᠰᠤ ︽  ᠭᠠᠵᠢᠭᠤ ᠨᠣᠮᠯᠠᠯ  ᠢ ᠡᠰᠡᠷᠭᠦᠴᠡᠵᠦ᠂ ᠪᠠᠶᠠᠷ ᠬᠥᠷ ᠲᠠᠢ ᠰᠢᠨᠡᠯᠡᠬᠦ︾ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/1/31
  2024 ᠣᠨ ᠤ ᠰᠢᠨ᠎ᠡ ᠵᠢᠯ ᠬᠦᠷᠴᠦ ᠢᠷᠡᠬᠦ ᠲᠠᠰᠢᠷᠠᠮ ᠳᠤ᠂ ᠣᠯᠠᠨ ᠲᠦᠮᠡᠨ ᠤ ᠭᠠᠵᠢᠭᠤ ᠨᠤᠮᠯᠠᠯ ᠢ ᠡᠰᠡᠷᠭᠦᠴᠡᠬᠦ ᠤᠬᠠᠮᠰᠠᠷ ᠢ ᠲᠡᠭᠡᠭᠰᠢᠯᠡᠬᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠨᠡᠮᠡᠭᠳᠡᠬᠦᠯᠬᠦ ᠶᠢᠨ ᠲᠤᠰᠠᠳᠠ᠂  ᠶᠦᠩ ᠹᠧᠩ ᠪᠠᠯᠭᠠᠰᠤᠨ ᠤ ᠬᠢᠨ ᠤᠶᠢᠷ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠪᠠᠳᠤᠳᠬᠠᠬᠤ ᠭᠤᠣᠯ ᠰᠡᠳᠦᠪ ᠲᠠᠢ ᠤᠶᠠᠯᠳᠤᠭᠤᠯᠵᠤ᠂ ︽ᠨᠢᠭᠡᠳᠦᠮᠡᠯ ᠹᠷᠣᠨᠲ ᠤᠨ ᠭᠡᠷ︾ ᠤᠨ ᠴᠠᠭᠠᠨ ᠰᠠᠷ᠎ᠠ ᠪᠠᠨ ᠤᠭᠲᠤᠬᠤ ᠰᠢᠷᠢᠰ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠬᠠᠷᠢᠶ᠎ᠠ ᠣᠷᠣᠨ ᠳᠠᠭᠠᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠬᠥᠮᠥᠨ ᠪᠦᠬᠦᠨ ᠭᠠᠵᠢᠭᠤ ᠨᠣᠮᠯᠠᠯ ᠢ ᠲᠠᠨᠢᠵᠤ ᠭᠠᠵᠢᠭᠤ ᠨᠣᠮᠯᠠᠯ ᠢ ᠰᠡᠷᠭᠡᠶᠢᠯᠡᠵᠦ ᠭᠠᠵᠢᠭᠤ ᠨᠣᠮᠯᠠᠯ ᠢ ᠡᠰᠡᠷᠭᠦᠴᠡᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠠᠢ᠃  ᠲᠣᠰᠬᠤᠨ ᠲᠠᠭᠠᠭᠠᠴᠢᠯᠠᠭᠰᠠᠨ ᠤᠳᠤᠷᠢᠳᠤᠯᠭ᠎ᠠ ᠪᠠ ᠲᠣᠰᠬᠤᠨ ᠤ ᠨᠠᠮ ᠤᠨ ᠡᠬᠦᠷ ᠤᠨ ᠱᠦᠵᠢ ᠨᠠᠷ ᠭᠠᠵᠢᠭᠤ ᠨᠣᠮᠯᠠᠯ  ᠡᠰᠡᠷᠭᠦᠴᠡᠬᠦ ᠮᠡᠳᠡᠯᠭᠡ   ᠶᠢ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠢᠶᠠᠨ ᠦᠭᠡ   ᠶᠢ ᠰᠤᠨᠤᠰᠴᠤ᠂ ᠨᠠᠮ ᠢᠶᠠᠨ ᠡᠬᠦᠷᠢᠳᠡ ᠳᠠᠭᠠᠬᠤ︾ ᠢᠲᠡᠭᠡᠯ ᠵᠣᠷᠢᠭ ᠢ ᠤᠯᠠᠮ  ᠪᠠᠲᠤᠳᠬᠠᠬᠤ ᠶᠢᠨ ᠳᠤᠮᠳᠠ ᠠᠭᠤᠰᠬᠠᠵᠤ᠂ ᠲᠣᠰᠬᠤᠨ ᠤ ᠠᠷᠠᠳ ᠲᠤ ᠭᠠᠵᠢᠭᠤ ᠨᠣᠮᠯᠠᠯ   ᠢ ᠰᠡᠷᠭᠡᠶᠢᠯᠡᠬᠦ ᠶᠢ ᠤᠬᠠᠭᠤᠯᠤᠨ᠂ ᠭᠠᠵᠢᠭᠤ ᠨᠣᠮᠯᠠᠯ ᠢ ᠰᠡᠷᠭᠡᠶᠢᠯᠡᠬᠦ ᠶᠢ ᠣᠶᠢᠯᠠᠭᠠᠭᠤᠯᠵᠤ᠂  ︽ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ︾ ᠤᠨ ᠲᠤᠬᠠᠢ ᠮᠡᠳᠡᠷᠡᠮᠵᠢ ᠶᠢ ᠨᠡᠮᠡᠭᠳᠡᠬᠦᠯᠦᠭᠰᠡᠨ ᠪᠠᠶᠢᠨ᠎ᠠ  ᠃ ᠾᠧᠦ ᠹᠠᠩ ᠽᠢ ᠲᠣᠰᠬᠤᠨ᠂ ᠶᠤᠸᠠᠨ ᠱᠠᠨ ᠲᠣᠰᠬᠤᠨ᠂ ᠱᠠᠩ ᠫᠢ ᠹᠠᠩ ᠲᠣᠰᠬᠤᠨ᠂  ᠮᠠᠨ ᠲᠸᠦ ᠭᠧᠦ ᠲᠣᠰᠬᠤᠨ ᠤ ᠲᠤᠬᠤᠨᠢᠭᠤᠯᠭ᠎ᠠ ᠶᠢᠨ ᠠᠵᠢᠯᠯᠠᠭ᠎ᠠ ᠶᠢ ᠲᠤᠬᠢᠶᠠᠯᠳᠤᠭᠤᠯᠵᠤ᠂ ᠰᠠᠶᠢᠨ ᠳᠤᠷ᠎ᠠ ᠶᠢᠨ ᠠᠵᠢᠯᠳᠠᠳ ᠲᠠᠷᠢᠶᠠᠴᠢᠳ ᠭᠡᠷ ᠲᠤ ᠬᠦᠨᠵᠡᠬᠡᠶᠢᠷᠡᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠠᠶᠢᠯᠪᠤᠷᠢᠯᠠᠨ᠂ ᠤᠯᠠᠨ ᠲᠦᠮᠡᠨ ᠤ ᠭᠠᠵᠢᠭᠤ ᠨᠤᠮᠯᠠᠯ ᠢ ᠡᠰᠡᠷᠬᠦᠴᠡᠵᠦ ᠰᠢᠨᠵᠢᠯᠡᠬᠦ ᠤᠬᠠᠭᠠᠨ ᠢ ᠡᠷᠬᠢᠮᠯᠡᠬᠦ ᠤᠬᠠᠮᠰᠠᠷ ᠲᠠᠨᠢᠯᠳᠠ ᠶᠢ ᠨᠡᠮᠡᠭᠳᠡᠬᠦᠯᠵᠡᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号