ᠰᠢᠩ ᠹᠦ᠋ ᠰᠢᠶᠠᠩ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/1/31
 1 ᠰᠠᠷ᠎ᠠ ᠶᠢᠨ 30 ᠤ ᠡᠳᠦᠷ᠂ ᠰᠢᠩ ᠹᠦ᠋ ᠰᠢᠶᠠᠩ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ︵ᠡᠷᠬᠢᠯᠡᠭᠴᠢ︶ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ  ᠪᠠ ᠭᠠᠯ ᠰᠡᠷᠭᠡᠶᠢᠯᠡᠬᠦ ᠠᠵᠢᠯ ᠢ  ᠲᠠᠬᠢᠨ ᠪᠠᠶᠢᠷᠢᠯᠠᠭᠤᠯᠪᠠ  ᠃ ᠬᠤᠷᠠᠯ ᠠᠴᠠ᠂  ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠮᠢᠶᠠᠷᠬᠤ ᠬᠥᠮᠥᠨ ᠲᠠᠢ ᠠᠳᠬᠤᠬᠤ ᠬᠥᠮᠥᠨ ᠲᠠᠢ ᠪᠠᠶᠢᠬᠤ ᠶᠢ  ᠦᠨᠡᠨᠬᠦ ᠪᠠᠳᠤᠯᠠᠨ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂  ᠠᠯᠮᠠᠶᠢᠷᠠᠵᠤ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠰᠠᠭᠤᠳᠠᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ ᠵᠠᠮ ᠬᠠᠷᠢᠯᠴᠠᠭ᠎ᠠ᠂ ᠨᠤᠲᠤᠭ ᠪᠡᠯᠴᠢᠭᠡᠷ᠂ ᠤᠢ ᠰᠢᠭᠤᠢ   ᠂ ᠠᠶᠤᠯᠲᠠᠢ ᠬᠢᠮᠢ ᠶᠢᠨ ᠪᠣᠳᠠᠰ᠂  ᠫᠤᠤᠵᠢᠩ ᠲᠠᠷᠢ ᠵᠡᠷᠭᠡ ᠠᠳᠡᠯ ᠭᠠᠷᠬᠤ ᠪᠣᠯᠣᠮᠵᠢ   ᠲᠠᠢ ᠭᠤᠣᠯᠳᠠᠯᠭ᠎ᠠ ᠲᠠᠢ ᠴᠠᠷᠠᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠰᠠᠶᠢᠲᠤᠷ ᠠᠳᠬᠤᠵᠤ᠂  ᠠᠵᠢᠯ ᠡᠬᠦᠷᠭᠡ ᠶᠢ ᠠᠯᠮᠠᠶᠢᠷᠠᠯ ᠦᠭᠡᠢ᠂ ᠰᠤᠯᠠᠷᠠᠭᠤᠯᠤᠯ ᠦᠭᠡᠢ  ᠪᠡᠶᠡᠯᠡᠬᠦᠯᠬᠦ ᠬᠡᠷᠡᠭᠲᠡᠢ᠃  24 ᠴᠠᠭ ᠢᠶᠠᠷ ᠵᠢᠵᠢᠭᠦᠷᠯᠡᠬᠦ ᠪᠠ  ᠤᠳᠤᠷᠢᠳᠤᠯᠭ᠎ᠠ ᠲᠠᠭᠠᠭᠤᠯᠤᠨ ᠵᠢᠵᠢᠬᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂  ᠰᠢᠶᠠᠩ ᠲᠣᠰᠬᠤᠨ ᠬᠤᠶᠠᠷ ᠱᠠᠲᠤᠨ ᠤ ᠺᠠᠳ᠋ᠷ ᠠᠵᠢᠯᠳᠠᠳ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ  ᠬᠦᠢᠴᠡᠳᠭᠡᠨ᠂  ᠬᠡᠷᠪᠡ ᠭᠡᠨᠡᠳᠲᠡ ᠶᠢᠨ ᠬᠡᠷᠡᠭ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠂ ᠠᠷᠠᠳ ᠤᠯᠠᠨ ᠢ ᠠᠮᠤᠷ ᠠᠮᠤᠭᠤᠯᠠᠩ ᠥᠯᠵᠡᠢ ᠪᠡᠯᠭᠡ ᠲᠠᠢ  ᠰᠢᠨᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号