ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠪᠯᠡᠯ ᠤᠨ ᠭᠡᠰᠢᠭᠦᠨ ᠪᠠ ᠵᠠᠯᠠᠭᠤᠴᠤᠳ ᠤᠨ | ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢᠨ ᠲᠤᠬᠠᠢ ᠣᠶᠢᠯᠠᠭᠠᠯᠲᠠ ᠶᠢ | ᠳᠡᠭᠡᠭᠰᠢᠯᠡᠭᠦᠯᠬᠦ ᠶᠢᠨ ᠲᠥᠯᠥᠭᠡ ᠂ 1 ᠰᠠᠷ᠎ᠠ ᠶᠢᠨ 30 ᠤ ᠡᠳᠦᠷ ᠪᠤᠤᠴᠠᠩ ᠪᠠᠯᠭᠠᠰᠤᠨ ᠤ ᠡᠪᠯᠡᠯ ᠤᠨ ᠬᠤᠷᠢᠶ᠎ᠠ ᠨᠢ | ᠲᠠᠢ ᠫᠢᠩ ᠨᠡᠶᠢᠭᠡᠮ ᠲᠣᠭᠤᠷᠢᠭ ᠲᠤ 2024 ᠣᠨ ᠤ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠰᠤᠷᠤᠯᠴᠠᠯᠭ᠎ᠠ | ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠬᠠᠭᠤᠯᠬᠤ ᠭᠡᠰᠢᠭᠦᠨ᠂ ᠡᠪᠯᠡᠯ ᠤᠨ ᠬᠤᠷᠢᠶᠠᠨ ᠤ | ᠱᠦᠵᠢ ᠯᠢᠦ ᠬᠤᠸᠠᠨ ᠴᠢᠩ ᠬᠤᠷᠠᠯ ᠢ ᠡᠷᠬᠢᠯᠡᠵᠦ᠂ ᠬᠡᠰᠡᠭ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠨ ᠱᠦᠵᠢ | ᠂ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠲᠥᠯᠥᠭᠡᠯᠡᠭᠴᠢ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ | ᠯᠢᠦ ᠬᠤᠸᠠᠨ ᠴᠢᠩ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠬᠤ ᠬᠥᠲᠥᠯᠪᠦᠷᠢ︾ ᠶᠢ ᠲᠠᠭᠠᠭᠤᠯᠤᠨ | ᠰᠤᠷᠤᠯᠴᠠᠭᠰᠠᠨ ᠪᠦᠭᠡᠳ ᠵᠠᠯᠠᠭᠤᠴᠤᠳ ᠤᠨ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠪᠠ ᠰᠢᠨ᠎ᠡ ᠨᠢᠭᠡ | ᠵᠢᠯ ᠤᠨ ᠡᠪᠯᠡᠯ ᠤᠨ ᠠᠵᠢᠯ ᠤᠨ ᠲᠥᠯᠦᠪᠵᠢᠭᠦᠯᠭᠡ ᠶᠢᠨ ᠲᠤᠭᠤᠷᠢᠨ ᠳᠤ ᠬᠠᠮᠳᠤ ᠳᠠᠭᠠᠨ ᠶᠠᠷᠢᠯᠴᠠᠨ ᠰᠤᠯᠢᠯᠴᠠᠪᠠ | ᠃ ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠡᠪ ᠬᠠᠮᠳᠤ ᠵᠠᠯᠠᠭᠤᠴᠤᠳ ᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠪᠯᠡᠯ ᠤᠨ ᠭᠡᠰᠢᠭᠦᠨ ᠪᠠ ᠵᠠᠯᠠᠭᠤᠴᠤᠳ ᠤᠨ | ᠤᠶᠤᠨ ᠲᠠᠷᠢᠬᠢᠨ ᠳᠤ ᠬᠠᠳᠠᠩᠰᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ | ᠲᠡᠭᠦᠨ ᠳᠤ ᠲᠤᠤᠱᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ ᠪᠠ ᠠᠷᠭ᠎ᠠ ᠪᠠᠷ ᠠᠰᠠᠭᠤᠳᠠᠯ ᠢ ᠰᠤᠳᠤᠯᠬᠤ᠂ | ᠠᠰᠠᠭᠤᠳᠠᠯ ᠢ ᠰᠢᠢᠳᠪᠦᠷᠢᠯᠡᠬᠦ ︽ᠶᠡᠷᠦᠩᠬᠡᠢ ᠲᠦᠯᠬᠢᠭᠦᠷ︾ ᠪᠤᠯᠭᠠᠬᠤ ᠭᠡᠷᠡᠭᠳᠡᠢ᠃ ᠡᠭᠦᠨ ᠤ ᠬᠠᠮᠲᠤ᠂ ᠯᠠᠪᠳᠠᠭᠤᠨ | ᠪᠠᠲᠤᠲᠠᠢ ᠣᠨᠣᠯ ᠤᠨ ᠰᠤᠷᠤᠯᠴᠠᠯᠭ᠎ᠠ ᠶᠢᠨ ᠰᠠᠭᠤᠷᠢᠨ ᠳᠡᠭᠡᠷ᠎ᠡ᠂ ᠡᠪᠯᠡᠯ ᠤᠨ ᠭᠡᠰᠢᠭᠦᠨ ᠪᠠ ᠵᠠᠯᠠᠭᠤᠴᠤᠳ ᠤᠨ | ᠪᠦᠷᠢᠯᠳᠦᠴᠡ ᠶᠢᠨ ᠣᠨᠴᠠᠯᠢᠭ ᠲᠤ ᠰᠠᠭᠤᠷᠢᠯᠠᠵᠤ᠂ ᠨᠡᠶᠢᠭᠡᠮ ᠲᠣᠭᠤᠷᠢᠭ ᠤᠨ ᠵᠠᠯᠠᠭᠤᠴᠤᠳ ᠤᠨ ᠰᠠᠭᠤᠷᠢᠨ | ᠭᠠᠵᠠᠷ ᠲᠤ ᠲᠦᠰᠢᠭᠯᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠪᠤᠳᠠᠯ ᠢ ᠶᠠᠷᠢᠯᠴᠠᠵᠤ᠂ ᠡᠪᠯᠡᠯ ᠤᠨ ᠡᠳᠦᠷ ᠤᠨ | ᠠᠵᠢᠯᠯᠠᠭᠠᠨ ᠤ ᠬᠡᠯᠪᠡᠷᠢ ᠶᠢ ᠰᠢᠨᠡᠴᠢᠯᠡᠨ᠂ ᠨᠡᠩ ᠤᠯᠠᠨ ᠵᠠᠯᠠᠭᠤᠴᠤᠳ ᠢ ᠡᠪᠯᠡᠯ ᠤᠨ ᠡᠳᠦᠷ ᠤᠨ ᠠᠵᠢᠯᠯᠠᠭ᠎ᠠ ᠳᠤ | ᠤᠷᠤᠯᠴᠠᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠡᠪᠯᠡᠯ ᠤᠨ ᠡᠭᠦᠷ ᠤᠨ ᠱᠦᠵᠢ᠂ ᠡᠪᠯᠡᠯ ᠤᠨ | ᠭᠡᠰᠢᠭᠦᠨ ᠪᠠ ᠵᠠᠯᠠᠭᠤᠴᠤᠳ ᠤᠨ ᠲᠥᠯᠥᠭᠡᠯᠡᠭᠴᠢ ᠨᠠᠷ ᠴᠤ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠡᠪᠯᠡᠯ ᠤᠨ | ᠠᠵᠢᠯ ᠤᠨ ᠣᠳᠣᠬᠢ ᠪᠠᠶᠢᠳᠠᠯ᠂ ᠰᠠᠭᠤᠷᠢᠨ ᠭᠠᠵᠠᠷ ᠤᠨ ᠪᠠᠶᠢᠭᠤᠯᠤᠯᠲᠠ ᠪᠠ ᠬᠦᠳᠡᠯᠪᠦᠷᠢ ᠠᠵᠢᠯᠯᠠᠭ᠎ᠠ ᠵᠡᠷᠭᠡ ᠲᠠᠢ | ᠤᠶᠠᠯᠳᠤᠭᠤᠯᠤᠨ ᠤᠶᠢᠯᠠᠭᠠᠯᠳᠠ ᠲᠥᠷᠥᠭᠳᠡᠯ ᠢᠶᠠᠨ ᠬᠤᠪᠢᠶᠠᠯᠴᠠᠵᠠᠢ᠃ ᠣᠯᠠᠨ ᠢᠶᠠᠷ ᠢᠶᠠᠨ᠂ ᠬᠤᠶᠢᠰᠢᠳᠠ ᠶᠢᠨ | ᠠᠵᠢᠯ ᠰᠤᠷᠤᠯᠴᠠᠯᠭ᠎ᠠ ᠶᠢᠨ ᠳᠤᠮᠳᠠ ᠪᠠᠨ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠳᠠᠭᠠᠵᠤ᠂ ᠡᠪᠯᠡᠯ ᠤᠨ | ᠭᠡᠰᠢᠭᠦᠨ ᠪᠠ ᠵᠠᠯᠠᠭᠤᠴᠤᠳ ᠤᠨ ᠳᠠᠪᠠᠭᠤᠯᠢᠭ ᠢᠶᠠᠨ ᠪᠠᠳᠠᠷᠠᠭᠤᠯᠤᠨ᠂ ᠡᠪᠯᠡᠯ ᠤᠨ ᠬᠤᠷᠢᠶ᠎ᠠ ᠪᠣᠯᠣᠨ ᠡᠪᠯᠡᠯ ᠤᠨ | ᠭᠡᠰᠢᠭᠦᠨ᠂ ᠵᠠᠯᠠᠭᠤᠴᠤᠳ ᠤᠨ ᠬᠤᠭᠤᠷᠣᠨᠳᠣᠬᠢ ᠬᠥᠭᠦᠷᠭᠡ ᠬᠤᠯᠪᠤᠭ᠎ᠠ ᠶᠢ ᠬᠠᠮᠲᠤᠪᠠᠷ ᠪᠠᠶᠢᠭᠤᠯᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠬᠡᠵᠦ | ᠢᠯᠡᠷᠭᠡᠶᠢᠯᠡᠵᠡᠭᠡᠪᠡ᠃ |