ᠵᠤᠤ ᠹᠧᠢ ᠫᠧᠩ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/1/4
  ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ 3 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠲᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠲᠠᠶᠢᠪᠤᠰᠧ ᠬᠤᠰᠢᠭᠤᠨ ᠤ ᠬᠦᠴᠦᠨ ᠴᠢᠳᠠᠯ ᠢᠶᠠᠨ ᠡᠷᠬᠦᠰᠦᠭᠡᠢ︾  ᠬᠡᠮᠡᠬᠦ ᠲᠤᠰᠬᠠᠢ ᠰᠡᠳᠦᠪ ᠢᠶᠠᠷ ᠨᠠᠮ ᠤᠨ ᠬᠢᠴᠢᠶᠡᠯ ᠤᠷᠤᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠬᠤᠷᠠᠯ ᠢ
ᠡᠷᠭᠢᠯᠡᠪᠡ᠃ ᠵᠤᠤ ᠹᠧᠢ ᠫᠧᠩ ︽  ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ
ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ︾᠂ ︽ᠥᠪᠥᠷ ᠮᠣᠩᠭᠤᠯ  ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠵᠤ᠂ ᠳᠤᠮᠳᠠᠳᠤ ᠤᠯᠤᠰ  ᠤᠨ ᠮᠠᠶ᠋ᠢᠭ  ᠤᠨ ᠣᠳᠣᠬᠢᠴᠢᠯᠠᠯᠲᠠ  ᠶᠢᠨ ᠰᠢᠨ᠎ᠡ ᠬᠠᠭᠤᠳᠠᠰᠤ  ᠶᠢ ᠴᠢᠷᠮᠠᠶᠢᠨ ᠪᠢᠴᠢᠭᠯᠡᠬᠦ ᠳᠤ ᠭᠡᠷᠬᠢᠨ ᠲᠠᠶᠢᠹᠤᠰᠧ ᠬᠤᠰᠢᠭᠤᠨ  ᠤ ᠬᠦᠴᠦᠨ ᠴᠢᠳᠠᠯ ᠢᠶᠠᠨ ᠡᠷᠭᠦᠬᠦ︾ ᠵᠡᠷᠭᠡ ᠠᠰᠠᠭᠤᠳᠠᠯ  ᠤᠨ ᠲᠣᠭᠤᠷᠢᠨ ᠳᠤ ᠣᠶᠢᠯᠠᠭᠠᠯᠲᠠ ᠲᠠᠨᠢᠯᠲᠠ ᠪᠠᠨ ᠶᠠᠷᠢᠵᠤ᠂ ︽ᠠᠷᠪᠠᠨ ᠲᠣᠳᠣᠷᠬᠠᠢ︾᠂ ︽ᠠᠷᠪᠠᠨ ᠲᠦᠷᠪᠡᠨ ᠪᠠᠷᠢᠮᠲᠠᠯᠠᠯ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠵᠡᠷᠭᠡ ᠬᠠᠮᠢᠶ᠎ᠠ ᠪᠦᠬᠦᠢ ᠠᠭᠤᠯᠭ᠎ᠠ  ᠶᠢ ᠰᠢᠰᠲ᠋ᠧᠮ ᠲᠠᠢ  ᠲᠠᠶᠢᠯᠪᠤᠷᠢᠯᠠᠭᠰᠠᠨ ᠪᠦᠭᠡᠳ ︽ᠬᠤᠶᠠᠷ ᠶᠡᠭᠡ ᠶᠠᠪᠤᠳᠠᠯ︾ ᠢᠶᠠᠷ ᠭᠤᠣᠯᠯᠠᠭᠤᠯᠵᠤ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠬᠡᠮᠡᠬᠦ ᠭᠤᠣᠯ ᠰᠢᠵᠢᠮ ᠢ ᠪᠠᠲᠤ ᠡᠵᠡᠮᠰᠢᠵᠦ᠂  ᠲᠠᠶᠢᠹᠤᠰᠧ ᠬᠤᠰᠢᠭᠤᠨ ᠤ ᠪᠠᠨ ᠪᠤᠳᠠᠳᠠᠢ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠠᠶᠢᠹᠤᠰᠧ ᠬᠤᠰᠢᠭᠤᠨ ᠳᠠᠭᠠᠨ ᠰᠠᠶᠢᠳᠤᠷ ᠨᠠᠶᠢᠳᠠᠪᠤᠷᠢᠵᠢᠭᠤᠯᠵᠤ᠂ ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠪᠥᠬᠦ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾
ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠵᠦ ᠴᠢᠬᠤᠯᠠᠴᠢᠯᠠᠪᠠ᠃ ᠬᠤᠰᠢᠭᠤᠨ ᠤ ᠳᠥᠷᠪᠡᠨ
ᠶᠡᠭᠡ ᠪᠠᠭ ᠤᠨ ᠤᠳᠤᠷᠢᠳᠤᠯᠭ᠎ᠠ᠂  ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂  ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ ᠤᠨ ᠱᠦᠵᠢ᠂  ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠲᠤᠰᠬᠠᠢ ᠰᠡᠳᠦᠪᠲᠦ ᠨᠠᠮ ᠤᠨ ᠬᠢᠴᠢᠶᠡᠯ ᠢ ᠰᠤᠨᠤᠰᠴᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号