ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠰᠠᠶᠢᠳᠤᠷ ᠨᠠᠶᠢᠳᠠᠪᠤᠷᠢᠵᠢᠭᠤᠯᠬᠤ ᠶᠢᠨ | ᠲᠥᠯᠥᠭᠡ᠂ ᠣᠶᠢᠷ᠎ᠠ ᠳᠤ ᠯᠥᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠨᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠬᠤ︾ | ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠥᠷᠨᠢᠭᠦᠯᠵᠡᠢ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠪᠥᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠢ | ᠵᠣᠬᠢᠶᠠᠨ ᠪᠠᠶᠢᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠠᠭᠤᠯᠭ᠎ᠠ ᠶᠢᠨ ᠲᠣᠭᠤᠷᠢᠨ ᠳᠤ᠂ ᠦᠨᠳᠦᠰᠦᠨ ᠱᠠᠲᠤᠨ ᠤ | ᠠᠷᠠᠳ ᠤᠨ ᠲᠥᠯᠥᠭᠡᠯᠡᠭᠴᠢᠳ ᠤᠨ ᠠᠵᠢᠯ ᠲᠠᠢ ᠤᠶᠠᠯᠳᠤᠭᠤᠯᠤᠨ ᠭᠦᠨᠵᠡᠭᠡᠢ ᠲᠠᠶᠢᠯᠤᠮᠵᠢ ᠬᠢᠭᠰᠡᠨ ᠤ ᠬᠠᠮᠲᠤ᠂ | ᠪᠣᠳᠠᠲᠠᠢ ᠠᠵᠢᠯ ᠤᠨ ᠲᠦᠰᠦᠪ ᠪᠠ ᠴᠠᠭ ᠤᠨ ᠲᠣᠬᠢᠷᠠᠭᠤᠯᠤᠯᠲᠠ ᠪᠠᠨ ᠨᠠᠷᠢᠨ ᠬᠢᠨᠠᠮᠠᠭᠠᠢ ᠲᠣᠭᠲᠠᠭᠠᠵᠤ᠂ | ᠤᠬᠠᠭᠤᠯᠤᠨ ᠲᠠᠶᠢᠯᠪᠤᠷᠢᠯᠠᠬᠤ ᠠᠵᠢᠯ ᠡᠭᠦᠷᠭᠡ ᠶᠢ ᠨᠠᠷᠢᠯᠢᠬᠵᠢᠭᠤᠯᠤᠨ᠂ ᠲᠥᠯᠥᠭᠡᠯᠡᠭᠴᠢᠳ ᠤᠨ ᠦᠢᠯᠡᠳᠦᠯ ᠢᠶᠠᠨ | ᠪᠠᠳᠠᠷᠠᠭᠤᠯᠤᠨ ᠂ ᠦᠨᠡᠨ ᠪᠤᠳᠠᠳᠠᠢ ᠦᠷ᠎ᠡ ᠪᠦᠲᠦᠮᠵᠢ ᠣᠯᠬᠤ ᠶᠢ ᠪᠠᠲᠤᠯᠠᠪᠠ᠃ ᠲᠡᠷᠢᠭᠦᠯᠡᠭᠴᠢᠳ ᠤᠨ | ᠪᠦᠯᠬᠦᠮ ᠤᠨ ᠭᠡᠰᠢᠬᠦᠳ ︽ᠠᠷᠠᠳ ᠤᠨ ᠲᠥᠯᠥᠭᠡᠯᠡᠭᠴᠢ ᠶᠢᠨ ᠭᠡᠷ︾ ᠤᠨ ᠰᠠᠭᠤᠷᠢᠨ ᠭᠠᠵᠠᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠤᠭᠤᠶᠢᠯᠠᠩ ᠬᠤᠪᠢᠶᠠᠵᠤ ᠲᠣᠰᠬᠤᠨ ᠳᠤ ᠬᠦᠨᠵᠡᠬᠡᠶᠢᠷᠡᠨ᠂ ᠣᠨᠣᠯ ᠤᠨ ᠲᠠᠶᠢᠯᠤᠮᠵᠢ᠂ | ᠬᠡᠷᠡᠭ ᠤᠨ ᠵᠠᠳᠠᠯᠤᠯᠲᠠ᠂ ᠠᠬᠤᠢ ᠲᠠᠯᠠᠪᠠᠢ ᠶᠢᠨ ᠰᠤᠯᠢᠯᠴᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ | ᠲᠥᠯᠥᠭᠡᠯᠡᠭᠴᠢᠳ ᠲᠤ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ | ᠤᠶᠢᠯᠠᠭᠠᠭᠤᠯᠵᠤ᠂ ᠤᠬᠠᠭᠤᠯᠭ᠎ᠠ ᠲᠠᠶᠢᠯᠤᠮᠵᠢ ᠶᠢᠨ ᠦᠷ᠎ᠡ ᠪᠦᠲᠦᠮᠵᠢ ᠶᠢ ᠦᠨᠡᠨᠬᠦ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠵᠠᠢ᠃ ᠠᠷᠠᠳ ᠤᠨ ᠲᠥᠯᠥᠭᠡᠯᠡᠭᠴᠢᠳ ︽ᠠᠶᠢᠯ ᠲᠤᠭᠤᠷᠢᠵᠤ ᠵᠣᠭᠤᠭ ᠳᠡᠯᠭᠡᠬᠦ︾ ᠬᠡᠯᠪᠡᠷᠢ ᠪᠠᠷ᠂ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ᠂ ᠴᠤᠭᠴᠠᠯᠠᠯᠳᠠ᠂ ᠬᠦᠭᠵᠢᠯᠳᠡ ᠶᠢᠨ ᠪᠠᠶᠢᠳᠠᠯ ᠲᠠᠢ | ᠤᠶᠠᠯᠳᠤᠭᠤᠯᠤᠨ ᠂ ︽ ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ᠂ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠵᠡᠷᠭᠡ ᠶᠢ ᠠᠷᠠᠳ ᠢᠷᠭᠡᠳ ᠲᠤ | ᠤᠬᠠᠭᠤᠯᠤᠨ ᠲᠠᠶᠢᠯᠪᠤᠷᠢᠯᠠᠵᠤ ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ | ᠨᠠᠮ ᠢᠶᠠᠨ ᠡᠬᠦᠷᠢᠳᠡ ᠲᠠᠭᠠᠬᠤ ᠢᠳᠡᠭᠡᠯ ᠵᠣᠷᠢᠭ ᠢ ᠨᠢ ᠪᠠᠳᠤᠳᠬᠠᠭᠰᠠᠨ ᠪᠠᠶᠢᠨ᠎ᠠ᠃ |