ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠬᠦᠨᠪᠤᠯᠠᠭ ᠰᠤᠮᠤᠨ ᠳᠤ ᠬᠦᠨᠵᠡᠬᠡᠶᠢᠷᠡᠵᠦ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/1/5
    ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 1 ᠰᠠᠷ᠎ᠠ ᠶᠢᠨ 4 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ᠂ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠱᠧᠨ ᠬᠦᠶ ᠯᠢᠨ  ᠬᠦᠨᠪᠤᠯᠠᠭ ᠰᠤᠮᠤᠨ  ᠳᠤ ᠬᠦᠨᠵᠡᠬᠡᠶᠢᠷᠡᠵᠦ᠂ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠡᠬᠦᠷᠢᠳᠡ ᠲᠠᠭᠠᠬᠤ︾  ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ ᠱᠧᠨ ᠬᠦᠶ ᠯᠢᠨ ᠠᠴᠠ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠡᠬᠦᠷᠢᠳᠡ ᠲᠠᠭᠠᠬᠤ︾  ᠭᠤᠣᠯ ᠰᠡᠳᠦᠪ  ᠲᠠᠢ ᠤᠶᠠᠯᠳᠤᠭᠤᠯᠤᠨ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ  ᠂ ︽ᠲᠠᠪᠤᠨ ᠶᠡᠭᠡ ᠡᠭᠦᠷᠭᠡ︾ ᠪᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠬᠤ ᠵᠡᠷᠭᠡ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃ ᠳᠠᠷᠠᠭᠠᠴᠢ ᠶᠢᠨ ᠠᠯᠬᠤᠮ ᠳᠤ᠂ ᠬᠦᠨᠪᠤᠯᠠᠭ ᠰᠤᠮᠤ ᠨᠢ ᠡᠨᠡ ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠪᠠᠷ ᠠᠵᠠ ᠲᠣᠬᠢᠶᠠᠯ ᠪᠤᠯᠭᠠᠨ᠂ ᠪᠦᠬᠦ ᠰᠤᠮᠤᠨ ᠳᠤ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠡᠬᠦᠷᠢᠳᠡ ᠲᠠᠭᠠᠬᠤ︾  ᠬᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠯᠴᠢᠨ ᠲᠦᠮᠡᠨ ᠢ ᠵᠢᠯᠤᠭᠤᠳᠤᠨ ᠠᠴᠢ ᠬᠠᠷᠢᠭᠤᠯᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢ ᠨᠢ ᠦᠨᠡᠨᠬᠦ ᠴᠢᠩᠭᠠᠳᠬᠠᠵᠤ᠂  ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号