ᠪᠤᠤᠴᠠᠩ  ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/1/8
  1 ᠰᠠᠷ᠎ᠠ ᠶᠢᠨ 5  ᠤ ᠡᠳᠦᠷ᠂  ᠪᠤᠤᠴᠠᠩ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂  ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ   ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ ︽ᠰᠢ ᠶᠢᠨ ᠫᠢᠩ ᠤᠨ ᠵᠣᠬᠢᠶᠠᠯ  ᠤᠨ ᠰᠣᠩᠭᠤᠮᠠᠯ︾ ᠤᠨ ᠬᠤᠶᠠᠳᠤᠭᠠᠷ ᠪᠣᠳᠢ᠂ ︽ᠥᠪᠥᠷ ᠮᠣᠩᠭᠤᠯ  ᠤᠨ ᠠᠵᠢᠯ  ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ︵ᠨᠢᠭᠤᠴᠠ︶ ᠶᠢᠨ ᠬᠡᠰᠡᠭ ᠠᠭᠤᠯᠭ᠎ᠠ ᠶᠢ ᠰᠤᠷᠤᠯᠴᠠᠭᠰᠠᠨ ᠪᠠᠶᠢᠨ᠎ᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠠᠴᠠ ᠲᠤᠰᠪᠤᠷᠢ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ  ᠬᠡᠮᠡᠬᠦ ᠬᠤᠶᠠᠷ ᠭᠤᠣᠯ ᠰᠡᠳᠦᠪ ᠤᠨ ᠲᠣᠭᠤᠷᠢᠨ ᠳᠤ᠂   ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠣᠯᠣᠨ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠵᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ  ᠠᠴᠠ ᠴᠢᠬᠤᠯᠠᠴᠢᠯᠠᠬᠤ ᠳᠠᠭᠠᠨ  ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠱᠠᠰᠢᠨ ᠰᠤᠷᠲᠠᠬᠤᠨ ᠤ ᠠᠵᠢᠯ ᠤᠨ ᠲᠤᠬᠠᠢ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠬᠡᠮᠵᠢᠶ᠎ᠡ ᠶᠢ ᠭᠦᠢᠴᠡᠳ ᠰᠤᠷᠤᠯᠴᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠡᠷᠭᠡᠪᠰᠢ ᠱᠠᠰᠢᠨ ᠰᠤᠷᠲᠠᠬᠤᠨ ᠢ ᠵᠥᠪ ᠢᠶᠠᠷ ᠲᠠᠨᠢᠵᠤ᠂ ᠱᠠᠰᠢᠨ ᠰᠤᠷᠲᠠᠬᠤᠨ ᠤ ᠠᠰᠠᠭᠤᠳᠠᠯ ᠢ ᠵᠦᠪ  ᠢᠶᠠᠷ ᠰᠢᠢᠳᠪᠦᠷᠢᠯᠡᠵᠦ᠂ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠯᠠᠪᠳᠠᠭᠤᠨ ᠪᠠᠲᠤᠲᠠᠢ ᠠᠵᠢᠯᠯᠠᠨ᠂  ᠦᠨᠡᠨ ᠪᠣᠳᠠᠲᠠᠢ ᠦᠷ᠎ᠡ ᠪᠦᠲᠦᠮᠵᠢ ᠪᠠᠷ ᠢᠶᠠᠨ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠵᠢᠭᠠᠭᠰᠠᠨ ᠵᠠᠮ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂ ᠭᠤᠣᠯ ᠰᠡᠳᠦᠪᠲᠦ ᠬᠥᠮᠦᠵᠢᠯ ᠤᠨ ᠬᠦᠨᠵᠡᠬᠡᠶᠢᠷᠡᠵᠦ ᠪᠤᠳᠠᠳᠠᠶᠢᠵᠢᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号