ᠲᠠᠶᠢᠹᠤᠰᠧ ᠬᠤᠰᠢᠭᠤᠨ ᠤ ᠬᠢᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠨᠡᠶᠢᠳᠡ ᠎ ᠶᠢᠨ ᠲᠠᠬᠢᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/1
  9 ᠰᠠᠷ᠎ᠠ ᠶᠢᠨ 30᠎ ᠤ ᠡᠳᠦᠷ᠂ ᠲᠠᠶᠢᠹᠤᠰᠧ ᠬᠤᠰᠢᠭᠤᠨ ᠤ ᠬᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ ᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠳᠡ ᠶᠢᠨ ᠲᠠᠬᠢᠯᠭ᠎ᠠ ᠶᠢᠨ ᠠᠵᠢᠯᠯᠠᠭ᠎ᠠ ᠶᠢ ᠲᠥᠪ ᠴᠢᠩᠭ᠎ᠠ ᠪᠠᠷ ᠶᠠᠪᠤᠭᠳᠠᠭᠤᠯᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠨᠠᠮᠠᠨᠴᠢᠯᠠᠨ ᠭᠠᠰᠢᠭᠤᠳᠠᠵᠤ ᠪᠠᠶᠢᠬᠤ ᠪᠠᠨ ᠢᠯᠡᠷᠭᠡᠶᠢᠯᠡᠪᠡ  ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠨᠡᠶᠢᠲᠡ ᠶᠢᠨ ᠲᠠᠬᠢᠯᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠶᠢ ᠡᠷᠭᠢᠯᠡᠪᠡ᠃  ᠠᠵᠢᠯᠯᠠᠭ᠎ᠠ ᠡᠬᠢᠯᠡᠬᠦ ᠳᠤ ᠤᠯᠠᠨ ᠢᠶᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ︾᠎ ᠶᠢ ᠳᠠᠭᠤᠯᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠴᠠ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠲᠠᠭᠤᠯᠠᠭᠰᠠᠨ ᠪᠠᠶᠢᠨ᠎ᠠ᠃  ᠲᠠᠷᠠᠭ᠎ᠠ ᠨᠢ ᠬᠤᠰᠢᠭᠤᠨ ᠤ ᠤᠳᠤᠷᠢᠳᠤᠯᠭ᠎ᠠ ᠴᠧᠨ ᠶᠠᠨ ᠪᠦᠦ᠂ ᠶᠢᠨ ᠶᠦᠩ ᠾᠧ᠂ ᠡᠦ ᠭᠤᠸᠠᠩ ᠹᠧᠩ᠂ ᠢᠤᠢ ᠴᠧᠩ ᠭᠦᠸᠧ ᠠᠯᠭᠤᠷᠬᠠᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠬᠦᠷᠴᠦ ᠴᠠᠭᠠᠷᠢᠭᠲᠤ ᠴᠡᠴᠡᠭ ᠡᠷᠬᠦᠨ᠂ ᠦᠷᠡᠭᠳᠡᠭᠰᠡᠨ ᠪᠠᠭᠠᠲᠤᠷᠴᠤᠳ ᠢᠶᠠᠨ ᠨᠠᠮᠠᠨᠴᠢᠯᠠᠨ ᠭᠠᠰᠢᠭᠤᠳᠠᠬᠤ ᠶᠢᠨ ᠬᠠᠮᠲᠤ  ᠂ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ ᠪᠠᠶᠢᠬᠤ ᠰᠡᠳᠬᠢᠯᠭᠡ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠷᠭᠡᠶᠢᠯᠡᠪᠡ᠃ ᠴᠧᠨ ᠶᠠᠨ ᠪᠦᠦ ᠶᠠᠷᠢᠶᠠᠨ ᠳᠠᠭᠠᠨ᠂  ᠦᠨᠦᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠪᠠᠶᠢᠭ᠎ᠠ ᠨᠢ ᠳᠠᠷᠤᠶ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂  ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ ᠶᠤᠮ  ᠃ ᠪᠢᠳᠡ ᠡᠷᠬᠡᠪᠰᠢ ᠦᠷᠡᠭᠳᠡᠭᠰᠡᠨ ᠪᠠᠭᠠᠲᠤᠷᠴᠤᠳ ᠤᠨ ᠬᠦᠴᠢᠷ ᠪᠡᠷᠬᠡᠰᠢᠶᠡᠯ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠲᠣᠭᠤᠷᠢᠨ ᠳᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠤᠷᠤᠬᠤ︾ ᠲᠡᠮᠡᠴᠡᠬᠦ ᠬᠠᠷᠠᠯᠲᠠ ᠶᠢ ᠴᠢᠭᠯᠡᠨ᠂ ︽ᠵᠢᠷᠭᠤᠭᠠᠨ ᠢᠨᠵᠧᠨᠧᠷᠢᠩ︾᠎ ᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠨ ᠬᠢᠵᠦ᠂ ᠪᠥᠬᠦ ᠬᠦᠴᠦᠨ ᠢᠶᠠᠷ ᠲᠥᠷᠥᠯ ᠵᠦᠢᠯ ᠢ ᠠᠳᠬᠤᠨ᠂ ᠬᠦᠷᠢᠶᠡᠯᠡᠩ ᠲᠣᠭᠤᠷᠢᠭ ᠲᠤ ᠰᠠᠭᠤᠷᠢᠯᠠᠨ ᠠᠵᠤ ᠦᠢᠯᠡᠰ ᠢ ᠬᠦᠴᠦᠷᠬᠡᠭᠵᠢᠭᠦᠯᠵᠦ᠂ ᠬᠤᠲᠠ ᠬᠥᠳᠡᠭᠡ ᠶᠢᠨ ᠰᠣᠳᠣᠨ ᠪᠦᠳᠦᠭᠡᠭᠳᠡᠬᠦᠨ ᠢ ᠨᠢᠭᠡᠳᠦᠯᠲᠡᠶ ᠲᠥᠯᠥᠪᠵᠢᠭᠦᠯᠵᠦ᠂ ᠦᠨᠡᠨ ᠠᠴᠠ ᠵᠥᠪ ᠢ ᠡᠷᠢᠵᠦ ᠬᠥᠭᠵᠢᠯᠲᠡ ᠶᠢ ᠠᠬᠢᠭᠤᠯᠤᠨ᠂ ᠪᠤᠳᠠᠳᠠᠢ ᠶᠠᠪᠤᠳᠠᠯ ᠢ ᠰᠠᠶᠢᠨ ᠬᠢᠵᠦ ᠠᠷᠠᠳ ᠤᠨ ᠠᠮᠢᠳᠤᠷᠠᠯ ᠳᠤ ᠠᠰᠢᠭ ᠬᠦᠷᠳᠡᠭᠡᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠬᠡᠵᠦ ᠵᠢᠭᠠᠨ ᠭᠠᠷᠭᠠᠭᠰᠠᠨ ᠪᠠᠶᠢᠨ᠎ᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠶᠡᠭᠡ ᠠᠩᠭᠢ ᠶᠢᠨ ᠲᠥᠯᠥᠭᠡᠯᠡᠭᠴᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号