ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  —  ᠯᠦᠸᠧ ᠲᠦᠸᠧ ᠱᠠᠨ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/10/1
   ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠴᠢᠩᠭ᠎ᠠ ᠠᠳᠬᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠲᠠᠰᠤᠷᠠᠯᠲᠠ ᠥᠬᠡᠶ ᠬᠦᠨᠵᠡᠬᠡᠶᠢᠷᠡᠬᠦᠯᠬᠦ ᠶᠢᠨ ᠲᠥᠯᠥᠭᠡ᠂ ᠣᠶᠢᠷ᠎ᠠ ᠳᠤ ᠯᠦᠸᠧ ᠲᠦᠸᠧ ᠱᠠᠨ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠶᠢᠨ ᠬᠤᠷᠠᠯ ᠢ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠸᠠᠩ ᠯᠠᠨ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠤ ᠭᠤᠣᠯ ᠰᠢᠵᠢᠮ ᠤᠨ ᠪᠦᠷᠢᠯᠳᠦᠯ ᠤᠨ ᠶᠠᠪᠤᠴᠠ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠢᠨᠵᠢᠯᠡᠬᠦ ᠤᠬᠠᠭᠠᠨᠴᠢ ᠠᠭᠤᠯᠤᠭᠳᠠᠬᠤᠨ  ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠎ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠲᠦᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠬᠤ ᠳᠤ ᠮᠠᠰᠢ ᠶᠡᠭᠡ ᠰᠡᠩᠬᠡᠷᠡᠭᠦᠯᠦᠯ ᠪᠠ ᠬᠠᠪᠰᠤᠷᠤᠯᠭ᠎ᠠ ᠪᠤᠯᠭᠠᠭᠰᠠᠨ ᠪᠦᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠣᠨᠣᠯ ᠤᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号