ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  — ᠶᠦᠩ ᠹᠧᠩ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/1
  ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ  ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 10᠎ ᠤ ᠡᠳᠦᠷ ᠶᠦᠩ ᠹᠧᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠮᠠ ᠵᠢᠶᠠᠨ ᠮᠢᠨ᠂ ᠨᠢᠭᠡᠳᠦᠮᠡᠯ ᠹᠷᠣᠨᠲ ᠤᠨ ᠭᠡᠰᠢᠭᠦᠨ ᠬᠠᠩ ᠴᠧᠨ ᠴᠧᠨ ᠡᠯ᠎ᠡ ᠲᠣᠰᠬᠤᠨ ᠳᠤ  ᠬᠦᠨᠵᠡᠬᠡᠶᠢᠷᠡᠵᠦ ︽ᠨᠠᠮ ᠤᠨ ᠢᠶᠠᠨ ᠠᠴᠢ ᠳᠤ ᠲᠠᠯᠠᠷᠬᠠᠨ ᠨᠠᠮ ᠤᠨ ᠢᠶᠠᠨ ᠦᠭᠡ ᠶᠢ ᠰᠣᠨᠣᠰᠴᠤ ᠨᠠᠮ ᠢᠶᠠᠨ ᠲᠠᠭᠠᠵᠤ ᠤᠷᠤᠭᠰᠢᠯᠠᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠤᠬᠠᠭᠤᠯᠭ᠎ᠠ ᠲᠠᠶᠢᠯᠤᠮᠵᠢ ᠬᠢᠵᠡᠢ᠃ ᠬᠤᠷᠠᠯ ᠲᠡᠭᠡᠷ᠎ᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠠᠮᠢᠳᠤᠯᠢᠭ ᠢᠶᠠᠷ ᠶᠠᠷᠢᠵᠤ᠂ ᠤᠯᠠᠨ ᠢ  ᠵᠢᠯᠤᠭᠤᠳᠤᠨ ᠵᠥᠪ ᠣᠨᠣᠪᠴᠢᠲᠠᠶ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠯ ᠰᠡᠬᠡᠯ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠳᠤᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠶᠢ ᠤᠯᠠᠨ ᠳᠤ ᠰᠡᠳᠬᠢᠯ ᠳᠤ ᠰᠠᠭᠤᠯᠭᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠶ ᠨᠠᠮ ᠤᠨ ᠭᠡᠰᠢᠬᠦᠨ ᠺᠠᠳᠠᠷ ᠤᠯᠠᠨ ᠲᠦᠮᠡᠨ ᠤ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠵᠦ᠂ ︽ᠨᠠᠮ ᠤᠨ ᠎ ᠢᠶᠠᠨ ᠠᠴᠢ ᠳᠤ ᠲᠠᠯᠠᠷᠬᠠᠨ ᠨᠠᠮ ᠤᠨ ᠢᠶᠠᠨ ᠦᠭᠡ ᠶᠢ ᠰᠣᠨᠣᠰᠴᠤ ᠨᠠᠮ ᠢᠶᠠᠨ ᠲᠠᠭᠠᠵᠤ ᠤᠷᠤᠭᠰᠢᠯᠠᠬᠤ︾ ᠢᠲᠡᠭᠡᠯ ᠵᠣᠷᠢᠭ ᠢ ᠪᠠᠲᠤᠳᠬᠠᠭᠰᠠᠨ ᠢᠶᠠᠷ ᠪᠠᠷᠠᠬᠤ ᠥᠬᠡᠶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠢᠳᠡᠪᠬᠢᠲᠡᠶ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠶᠠᠩᠵᠤ ᠶᠢᠨ ᠪᠠᠶᠠᠯᠢᠭ ᠠᠭᠤᠯᠭ᠎ᠠ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠤᠶᠤᠨ ᠰᠠᠨᠠᠭᠠᠨ ᠤ ᠬᠦᠴᠦᠨ ᠴᠢᠳᠠᠯ ᠢ ᠨᠢᠬᠳᠠᠷᠠᠭᠤᠯᠬᠤ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号