ᠱᠠᠰᠢᠨ ᠰᠤᠷᠲᠠᠬᠤᠨ ᠤ ᠲᠠᠯᠠᠪᠤᠷ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ 9 ᠰᠠᠷ᠎ᠠ ᠶᠢᠨ | 23 ᠤ ᠡᠳᠦᠷ ᠯᠦᠸᠧ ᠲᠦᠸᠧ ᠱᠠᠨ ᠪᠠᠯᠭᠠᠰᠤᠨ ᠤ ᠬᠢᠨ ᠠᠶᠤᠯᠭᠦᠶ ᠦᠢᠯᠡᠳᠪᠦᠷᠢᠯᠡᠯ ᠤᠨ ᠠᠵᠢᠯ ᠲᠠᠢ | ᠤᠶᠠᠯᠳᠤᠭᠤᠯᠵᠤ ︽ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠠᠬᠢᠭᠤᠯᠵᠤ · ᠦᠨᠳᠦᠰᠦᠲᠡᠨ ᠤ | ᠪᠦᠯᠬᠦᠮᠳᠡᠯ ᠢᠶᠠᠷ ᠡᠶ᠎ᠡ ᠵᠣᠬᠢᠴᠠᠯ ᠢ ᠠᠬᠢᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ | ᠠᠵᠢᠯᠳᠠᠳ ᠱᠠᠰᠢᠨ ᠤ ᠲᠠᠯᠠᠪᠤᠷ ᠲᠤ ᠬᠦᠨᠵᠡᠬᠡᠶᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯᠠᠪᠠᠷ ᠪᠠᠶᠢᠭᠤᠯᠬᠤ ᠶᠢ ᠠᠬᠢᠭᠤᠯᠬᠤ | ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠱᠠᠰᠢᠨ ᠰᠢᠳᠦᠭᠴᠢ ᠤᠯᠠᠨ ᠲᠦᠮᠡᠨ ᠳᠤ | ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠱᠠᠰᠢᠨ ᠤ ᠲᠠᠯᠠᠪᠤᠷ ᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠪᠣᠯᠭᠠᠵᠤ᠂ ᠱᠠᠰᠢᠨ | ᠤ ᠠᠵᠢᠯᠲᠠᠨ ᠪᠠ ᠱᠠᠰᠢᠨ ᠰᠢᠳᠦᠭᠴᠢᠳ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠤᠭᠴᠢ ᠪᠠ | ᠵᠢᠱᠢᠶᠡᠴᠢ ᠦᠢᠯᠡᠳᠦᠯᠭᠡᠵᠢᠭᠦᠯᠦᠭᠴᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠭᠰᠠᠨ ᠪᠠᠶᠢᠨ᠎ᠠ᠃ ᠡᠭᠦᠨ ᠤ ᠬᠠᠮᠳᠤ ᠱᠠᠰᠢᠨ ᠤ ᠲᠠᠯᠠᠪᠤᠷ ᠤᠨ ᠭᠠᠯ | ᠤᠨᠲᠠᠷᠠᠭᠠᠬᠤ ᠪᠠᠭᠠᠵᠢ ᠭᠡᠷᠡᠭᠰᠡᠯ᠂ ᠴᠠᠬᠢᠯᠭᠠᠨ ᠬᠡᠷᠡᠭᠯᠡᠬᠦ ᠲᠣᠨᠤᠭ ᠲᠥᠬᠦᠭᠡᠷᠦᠮᠵᠢ ᠳᠤ ᠠᠶᠤᠯᠬᠦᠢ ᠶᠢᠨ ᠪᠠᠶᠢᠴᠠᠭᠠᠯᠲᠠ | ᠬᠢᠵᠡᠢ᠃ ᠲᠠᠷᠠᠭᠠᠴᠢ ᠶᠢᠨ ᠠᠯᠬᠤᠮ ᠳᠤ᠂ ᠯᠦᠸᠧ ᠲᠦᠸᠧ ᠱᠠᠨ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠦᠷᠬᠦᠯᠵᠢᠯᠡᠨ ᠪᠠᠷᠢᠮᠳᠠᠯᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠬᠦᠳᠡᠯᠪᠦᠷᠢ ᠠᠵᠢᠯᠯᠠᠭ᠎ᠠ ᠶᠢ | ᠲᠠᠰᠤᠷᠠᠯᠲᠠ ᠥᠬᠡᠶ ᠬᠦᠨᠵᠡᠬᠡᠶᠢᠷᠡᠬᠦᠯᠦᠨ ᠠᠬᠢᠭᠤᠯᠵᠤ᠂ ᠪᠦᠯᠬᠦᠮᠳᠡᠨ ᠬᠠᠪᠰᠤᠷᠤᠯᠴᠠᠬᠤ᠂ ᠬᠠᠮᠲᠤ ᠪᠠᠷ ᠪᠠᠶᠢᠭᠤᠯᠬᠤ᠂ | ᠬᠠᠮᠲᠤ ᠪᠠᠷ ᠬᠥᠭᠵᠢᠬᠦ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠪᠠᠷ | ᠪᠠᠶᠢᠨ᠎ᠠ᠃ |