9 ᠰᠠᠷ᠎ᠠ ᠪᠣᠯ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ | ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠭᠠᠭᠤᠯᠢ ᠶᠢᠨ ᠬᠦᠷᠢᠶᠡᠨ ᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾ ᠤᠨ ᠤᠬᠠᠭᠤᠯᠭ᠎ᠠ ᠬᠥᠮᠦᠵᠢᠯ ᠢ ᠦᠨᠡᠨ ᠬᠦ | ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 26 ᠤ ᠡᠳᠦᠷ ᠯᠦᠸᠧ ᠲᠦᠸᠧ ᠱᠠᠨ ᠪᠠᠯᠭᠠᠰᠤᠨ ᠤ ᠬᠢᠨ ︽ | ᠦᠨᠳᠦᠰᠦᠲᠡᠨ ᠤ ᠪᠦᠯᠬᠦᠮᠳᠡᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠦᠯᠬᠦᠮᠳᠡᠯ ᠤᠨ ᠴᠡᠴᠡᠭ ᠢ | ᠬᠠᠮᠲᠤ ᠪᠠᠷ ᠲᠡᠯᠬᠡᠷᠡᠬᠦᠯᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠳᠠᠳ ᠤᠷᠢᠳ ᠬᠤᠵᠢᠳ | ᠲᠤᠬᠠᠶ ᠶᠢᠨ ᠭᠠᠵᠠᠷ ᠤᠨ ᠪᠠᠭ᠎ᠠ ᠰᠤᠷᠭᠠᠭᠤᠯᠢ ᠬᠢᠭᠡᠳ ᠬᠡᠤᠬᠡᠳ ᠤᠨ ᠴᠡᠴᠡᠷᠯᠢᠭ ᠲᠤ ᠬᠦᠷᠴᠦ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠳᠠ ᠶᠢ ᠠᠬᠢᠭᠤᠯᠬᠤ ᠲᠦᠷᠢᠮ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠤᠨ ᠲᠤᠬᠠᠶ | ᠨᠠᠰᠤᠨ ᠳᠤ ᠥᠯᠥ ᠭᠦᠷᠦᠭᠰᠡᠳ ᠤᠨ ᠲᠠᠨᠢᠯᠲᠠ ᠶᠢ ᠬᠦᠨᠵᠡᠬᠡᠶᠢᠷᠡᠬᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠶ ᠳᠤ ᠰᠠᠭᠤᠭᠳᠠᠭᠤᠯᠬᠤ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠷᠭ᠎ᠠ ᠵᠠᠮ ᠢ ᠴᠢᠨᠠᠭᠰᠢᠳᠠ | ᠦᠷᠭᠡᠳᠭᠡᠨ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠰᠤᠷᠤᠭᠴᠢᠳ ᠤᠨ ᠰᠡᠳᠬᠢᠯ ᠤᠨ ᠭᠦᠨ ᠳᠤ ᠰᠠᠴᠤᠵᠤ | ᠂ ᠬᠡᠦᠬᠡᠳ ᠪᠠᠭᠠᠴᠤᠳ ᠢ ᠬᠠᠷᠠᠬᠠᠨ ᠪᠠᠭ᠎ᠠ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠲᠠᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠠ ᠬᠠᠮᠠᠭᠠᠯᠠᠭᠴᠢ ᠪᠣᠯᠭᠠᠵᠤ᠂ ᠦᠨᠳᠦᠰᠦᠲᠡᠨ ᠨᠦᠭᠦᠳ ᠤᠨ ᠪᠠᠭᠰᠢ | ᠰᠤᠷᠤᠭᠴᠢᠳ ᠢ ᠠᠨᠠᠷ ᠤᠨ ᠦᠷ᠎ᠡ ᠰᠢᠭ ᠨᠢᠬᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠬᠠᠮᠤᠭ ᠤᠨ ᠶᠡᠭᠡ | ᠢᠵᠢᠯ ᠲᠥᠪᠲᠦ ᠲᠣᠭᠤᠷᠢᠭ︾ ᠢ ᠵᠢᠷᠤᠭᠯᠠᠪᠠ᠃ |