ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  —ᠲᠠᠶᠢᠹᠤᠰᠧ ᠬᠤᠰᠢᠭᠤ ︽ᠲᠦᠷᠪᠡ ᠳᠤ ᠠᠩᠬᠠᠷᠤᠯ ᠢᠶᠠᠨ ᠲᠦᠪᠯᠡᠷᠡᠬᠦᠯᠵᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/1
  ᠤᠢᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠴᠢᠬᠤᠯᠠ ᠤᠯᠤᠰ ᠲᠦᠷᠦ ᠶᠢᠨ ᠰᠢᠯᠭᠠᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠪᠠᠲᠤ ᠡᠵᠡᠮᠳᠡᠨ᠂ ᠦᠨᠳᠦᠰᠦᠲᠡᠨ ᠤ ᠠᠵᠢᠯ ᠤᠨ ᠭᠤᠣᠯ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠦᠨᠳᠦᠰᠦᠲᠡᠨ ᠤ ᠠᠵᠢᠯ ᠢ ᠪᠥᠬᠦ ᠬᠤᠰᠢᠭᠤᠨ ᠤ ᠭᠤᠣᠯ ᠠᠵᠢᠯ ᠳᠤ ᠠᠭᠤᠰᠤᠯᠴᠠᠭᠤᠯᠤᠨ᠂ ᠦᠨᠳᠦᠰᠦᠲᠡᠨ ᠤ ᠠᠵᠢᠯ ᠤᠨ ᠶᠠᠰᠤ ᠴᠢᠨᠠᠷ ᠢ ᠲᠡᠭᠡᠭᠰᠢᠯᠡᠬᠦᠯᠵᠦ ᠦᠷ᠎ᠡ ᠪᠦᠳᠦᠮᠵᠢ ᠶᠢ ᠨᠡᠮᠡᠭᠳᠡᠬᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ᠃     ᠤᠯᠤᠰ ᠲᠥᠷᠥ ᠶᠢᠨ ᠵᠢᠯᠣᠭᠤᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠎ ᠤᠨ ᠬᠠᠮᠲᠤᠷᠠᠯ ᠬᠦᠴᠦᠨ ᠢ ᠨᠢᠬᠳᠠᠷᠠᠭᠤᠯᠤᠭᠰᠠᠨ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠢᠯᠡ ᠲᠤᠳᠤ ᠭᠤᠤᠯ ᠱᠤᠭᠤᠮ ᠪᠤᠯᠭᠠᠵᠤ᠂  ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠷᠡᠰ ᠪᠠᠳᠤ ᠡᠬᠦᠷᠭᠡᠯᠡᠨ  ︽ᠰᠢᠯᠢ ᠶᠢᠨ ᠭᠤᠤᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠬᠡᠷᠡᠭᠵᠢᠭᠦᠯᠬᠦ  ᠲᠦᠰᠦᠪ︾ ᠪᠠ ︽ᠰᠢᠯᠢ ᠶᠢᠨ ᠭᠤᠤᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ  ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠳᠡᠭᠡᠭᠰᠢᠯᠡᠭᠦᠯᠬᠦ ᠠᠵᠢᠯᠯᠠᠭᠠᠨ ᠤ ᠬᠡᠷᠡᠭᠵᠢᠭᠦᠯᠬᠦ  ᠲᠦᠰᠦᠪ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠤᠰᠬᠠᠶ ᠰᠡᠳᠦᠪᠲᠦ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠡᠷᠭᠡ  ᠎ ᠶᠢ ᠤᠷᠢᠳ ᠬᠤᠵᠢᠳ 17 ᠤᠳᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ ᠵᠣᠬᠢᠴᠠᠭᠤᠯᠤᠨ ᠵᠢᠯᠤᠭᠤᠳᠴᠤ ᠱᠠᠭᠠᠷᠳᠠᠨ ᠪᠠᠶᠢᠴᠠᠭᠠᠵᠤ ︽ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠨᠠᠮ ᠵᠠᠰᠠᠭ ᠵᠡᠷᠭᠡ ᠪᠠᠷ ᠠᠳᠬᠤᠭᠰᠠᠨ᠂ ᠡᠯ᠎ᠡ ᠰᠠᠯᠠᠭ᠎ᠠ ᠮᠥᠴᠢᠷ ᠬᠦᠴᠦᠳᠡᠢ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠳᠡᠢ  ᠤᠷᠤᠯᠴᠠᠭᠰᠠᠨ︾ ᠶᠡᠭᠡ ᠡᠬᠦᠳᠦᠨ ᠪᠠᠶᠢᠭᠤᠯᠤᠯᠲᠠ ᠶᠢᠨ ᠪᠠᠶᠢᠷᠢᠰᠢᠯ ᠢ ᠪᠠᠶᠢᠭᠤᠯᠪᠠ    ᠰᠣᠶᠣᠯ ᠤᠨ ᠮᠡᠳᠡᠷᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠭᠰᠠᠨ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠦᠪᠯᠡᠨ ᠤᠯᠠᠮᠵᠢᠯᠠᠬᠤ ᠰᠢᠨ᠎ᠡ ᠠᠷᠭ᠎ᠠ ᠵᠠᠮ ᠢ ᠪᠠᠶᠢᠭᠤᠯᠤᠨ᠂ ︽ᠪᠣᠳᠠᠰ ᠤᠨ ᠪᠤᠰᠤ ᠰᠣᠶᠣᠯ ᠤᠨ ᠥᠪ +︾᠎  ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ᠂ ᠰᠢᠭᠤᠳ ᠨᠡᠪᠲᠡᠷᠡᠭᠦᠯᠭᠡ᠂ ᠰᠤᠳᠤᠯᠤᠨ ᠰᠤᠷᠤᠯᠴᠠᠬᠤ ᠎ ᠶᠢ ᠬᠠᠷᠢᠯᠴᠠᠨ ᠠᠭᠤᠰᠤᠯᠴᠠᠭᠤᠯᠤᠭᠰᠠᠨ ᠭᠡᠪ ᠵᠠᠭᠪᠤᠷ ᠢ ᠢᠳᠡᠪᠬᠢᠲᠡᠶ ᠰᠦᠪᠡᠭᠴᠢᠯᠡᠨ᠂ ᠪᠣᠳᠠᠰ ᠤᠨ ᠪᠤᠰᠤ ᠰᠣᠶᠣᠯ ᠤᠨ ᠠᠭᠤᠯᠤᠭᠳᠠᠬᠤᠨ ᠢ ᠢᠯᠡᠷᠡᠬᠦᠯᠵᠦ᠂  ᠲᠡᠮᠦᠷ ᠤᠳᠠᠰᠤᠨ ᠳ᠋ᠧᠩᠯᠦ᠂ ᠴᠠᠭᠠᠰᠤᠨ ᠬᠠᠶᠢᠴᠢᠯᠠᠮᠠᠯ᠂ ᠤᠯᠠᠮᠵᠢᠯᠠᠯᠲᠤ ᠢᠰᠡᠭᠡᠢ ᠤᠷᠠᠯᠠᠯ ᠵᠡᠷᠭᠡ ᠲᠥᠯᠥᠭᠡᠯᠡᠬᠦ ᠴᠢᠨᠠᠷᠲᠠᠶ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠲᠦ  ᠲᠡᠮᠳᠡᠭ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠦᠨᠦᠷ ᠠᠮᠲᠠ ᠶᠢ ᠮᠡᠳᠡᠷᠡᠬᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠲᠡᠯᠬᠡᠷᠡᠬᠦᠯᠦᠨ ᠤᠯᠠᠮᠵᠢᠯᠠᠵᠠᠢ᠃  ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾  ᠠᠵᠢᠯᠯᠠᠭ᠎ᠠ ᠪᠠᠷ ᠲᠠᠮᠵᠢᠭᠠᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ︾ ᠲᠤᠰᠬᠠᠶ ᠪᠤᠯᠤᠩ ᠨᠡᠭᠡᠭᠡᠭᠰᠡᠨ ᠪᠦᠭᠡᠳ ᠡᠯ᠎ᠡ ᠲᠦᠷᠦᠯ ᠤᠨ ᠠᠵᠢᠯ ᠲᠠᠢ ᠤᠶᠠᠯᠳᠤᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠷᠠᠲᠤ  ᠲᠡᠮᠳᠡᠭ ᠎ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ ︽ᠤᠯᠠᠭᠠᠨ ᠪᠢᠴᠢᠭ ᠤᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠬᠦᠷᠭᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠬᠢᠴᠢᠶᠡᠯ ᠤᠨ ᠲᠠᠩᠬᠢᠮ ᠳᠤ ᠣᠷᠣᠭᠤᠯᠬᠤ ᠶᠢ ᠠᠬᠢᠭᠤᠯᠵᠤ ︽ᠠᠨᠠᠷ ᠤᠨ ᠦᠷ᠎ᠡ ᠮᠡᠳᠦ ᠨᠢᠬᠳᠠᠷᠠᠨ ᠢᠵᠢᠯ ᠲᠦᠪᠳᠦ ᠲᠤᠭᠤᠷᠢᠭ ᠢ ᠴᠣᠭᠴᠠᠯᠠᠬᠤ︾  ᠮᠡᠳᠦ ᠶᠢᠨ ᠭᠤᠤᠯ ᠰᠡᠳᠦᠪᠲᠦ ᠠᠵᠢᠯᠯᠠᠭ᠎ᠠ ᠶᠢ 200 ᠭᠠᠷᠤᠶ ᠤᠳᠠᠭ᠎ᠠ ᠦᠷᠨᠢᠬᠦᠯᠦᠭᠡᠳ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠡᠳᠬᠢᠯ ᠵᠢᠷᠦᠭᠡᠨ ᠳᠤ ᠬᠠᠳᠠᠩᠰᠢᠭᠤᠯᠤᠭᠰᠠᠨ ᠪᠠᠶᠢᠨ᠎ᠠ᠃     ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠠᠲᠤ  ᠲᠡᠮᠳᠡᠭ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠦᠭᠰᠡᠨ᠃ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠴᠡᠴᠡᠷᠯᠢᠭ᠂ ᠥᠪᠥᠷ ᠮᠣᠩᠭᠤᠯ ᠤᠨ ᠰᠢᠤᠸᠠᠢ ᠵᠢᠶᠦ᠋ᠨ ᠳ᠋ᠧᠩᠯᠦ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ  ᠲᠣᠭᠤᠷᠢᠨ ᠦᠵᠡᠬᠦ ᠴᠡᠭ ᠪᠠ ︽ᠨᠠᠢᠮᠠ ᠶᠢ ᠣᠷᠣᠭᠤᠯᠬᠤ︾ ᠵᠢᠱᠢᠶ᠎ᠡ ᠦᠵᠡᠭᠦᠯᠬᠦ ᠨᠢᠭᠡᠴᠡ ᠪᠠᠷ ᠭᠠᠷᠳᠠᠴᠠ  ᠪᠤᠯᠭᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢ ᠪᠠᠶᠢᠭᠤᠯᠵᠤ᠂ ᠣᠨᠣᠯ ᠤᠨ ᠬᠢᠷᠢ ᠲᠦᠪᠰᠢᠨ ᠢᠶᠠᠷ ᠥᠨᠳᠥᠷ᠂ ᠤᠯᠤᠰ ᠲᠥᠷᠥ ᠶᠢᠨ ᠬᠡᠪ ᠴᠢᠨᠠᠷ ᠢᠶᠠᠷ ᠴᠢᠩᠭ᠎ᠠ  ᠵᠠᠯᠠᠭᠤ ᠯᠧᠺᠲ᠋ᠣᠷ ᠤᠨ ᠪᠦᠯᠬᠦᠮ ᠢ  ᠪᠠᠶᠢᠭᠤᠯᠤᠨ᠂ ᠣᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ ᠢ ᠠᠪᠴᠤ᠂ ᠤᠬᠠᠭᠤᠯᠤᠨ ᠲᠠᠶᠢᠯᠪᠤᠷᠢᠯᠠᠬᠤ ᠡᠷᠴᠢᠮ ᠢ ᠴᠢᠩᠭᠠᠷᠠᠭᠤᠯᠤᠨ᠂ ᠤᠬᠠᠭᠤᠯᠤᠨ ᠲᠠᠶᠢᠯᠪᠤᠷᠢᠯᠠᠬᠤ ᠬᠦᠷᠢᠶ᠎ᠡ ᠬᠡᠪᠴᠢᠶ᠎ᠡ ᠶᠢ ᠦᠷᠭᠡᠳᠭᠡᠵᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠬᠦᠨᠵᠡᠬᠡᠶᠢᠷᠡᠬᠦᠯᠥᠨ᠂ ᠡᠭᠦᠳᠦᠨ ᠪᠠᠶᠢᠭᠤᠯᠬᠤ ᠠᠵᠢᠯ ᠤᠨ ᠦᠨᠡᠨ ᠪᠤᠳᠠᠳᠠᠢ ᠦᠷ᠎ᠡ ᠪᠦᠲᠦᠮᠵᠢ ᠤᠯᠬᠤ ᠶᠢ ᠠᠬᠢᠭᠤᠯᠤᠭᠰᠠᠨ ᠪᠠᠶᠢᠨ᠎ᠠ᠃ ᠰᠣᠶᠣᠯ ᠤᠨ ᠠᠭᠤᠳᠠᠮ ᠲᠠᠯᠠᠪᠠᠶ᠂ ᠭᠤᠤᠯ ᠰᠡᠳᠦᠪᠲᠦ ᠴᠡᠴᠡᠷᠯᠢᠭ᠂  ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠬᠤᠲᠠ ᠶᠢᠨ ᠲᠣᠭᠤᠷᠢᠭ ᠤᠨ ᠭᠤᠤᠯ ᠵᠡᠭᠡᠯᠢ ᠭᠤᠳᠤᠮᠵᠢ ᠵᠡᠷᠭᠡ ᠬᠥᠮᠦᠨ ᠤᠯᠠᠨᠳᠠᠢ ᠲᠠᠯᠠᠪᠤᠷ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠤᠬᠠᠭᠤᠯᠭ᠎ᠠ ᠎ ᠶᠢᠨ ᠫᠠᠶᠢᠰᠠ᠂ ᠤᠬᠠᠭᠤᠯᠭ᠎ᠠ ᠶᠢᠨ ᠰᠠᠮᠪᠠᠷ᠎ᠠ  ᠂ ᠤᠬᠠᠭᠤᠯᠭ᠎ᠠ ᠶᠢᠨ ᠤᠷᠢᠶ᠎ᠠ᠂  ᠤᠬᠠᠭᠤᠯᠭ᠎ᠠ ᠶᠢᠨ ᠲᠤᠭ ᠵᠡᠷᠭᠡ ᠶᠢ ᠲᠤᠬᠢᠷᠠᠭᠤᠯᠤᠭᠰᠠᠨ ᠪᠦᠭᠡᠳ ᠡᠯ᠎ᠡ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ 500 ᠭᠠᠷᠤᠢ ᠬᠤᠪᠢ ᠤᠬᠠᠭᠤᠯᠭ᠎ᠠ ᠶᠢᠨ ᠵᠠᠷᠯᠠᠯ ᠢ ᠨᠠᠭᠠᠵᠤ᠂ 13000 ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠠᠳ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠣᠯᠠᠨ ᠲᠠᠯ᠎ᠠ ᠠᠴᠠ ᠤᠬᠠᠭᠤᠯᠪᠠ᠃   ᠬᠠᠷᠢᠯᠴᠠᠨ ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨᠰᠠᠨ᠃ ᠭᠤᠷᠪᠠᠨ ᠲᠦᠷᠦᠯ ᠤᠨ ᠰᠤᠯᠢᠯᠴᠠᠭᠠᠨ ᠤ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠴᠢᠬᠤᠯᠠ ᠲᠠᠪᠴᠠᠩ ᠪᠠ ᠬᠦᠴᠦᠲᠡᠶ ᠭᠠᠷᠳᠠᠴᠠ ᠪᠣᠯᠭᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠨᠡᠶᠢᠭᠡᠮ ᠲᠣᠭᠤᠷᠢᠭ ᠢᠶᠠᠷ ᠬᠤᠲᠠ ᠪᠠᠯᠭᠠᠰᠤᠨ ᠤ ᠦᠨᠳᠦᠰᠦᠲᠡᠨ ᠤ ᠠᠵᠢᠯ ᠤᠨ ᠬᠦᠴᠦᠯᠡᠬᠦ ᠴᠡᠭ ᠪᠣᠯᠭᠠᠵᠤ᠂ ᠦᠨᠳᠦᠰᠦᠲᠡᠨ ᠤ ᠠᠵᠢᠯ ᠤᠨ ᠦᠢᠯᠡᠴᠢᠯᠡᠭᠡᠨ ᠤ ᠡᠬᠡ ᠲᠠᠩᠰᠠ ᠶᠢ ᠪᠠᠶᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠳᠤ ᠲᠤᠰᠠᠯᠠᠮᠵᠢ ᠪᠠ ᠦᠢᠯᠡᠴᠢᠯᠡᠭᠡ ᠬᠠᠩᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠳᠤ ᠠᠭᠤᠰᠤᠯᠴᠠᠭᠤᠯᠵᠤ᠂ ᠪᠠᠷᠤᠭ 1.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ ᠪᠠᠶᠢᠭᠠᠳ᠂ ᠺᠠᠢ ᠳ᠋ᠠ ᠲᠦᠮᠦᠰᠦᠨ ᠤ ᠦᠢᠯᠡᠰ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠬᠦᠷᠳᠡᠭᠡᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂  ᠠᠵᠠ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠵᠢᠴᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号