ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  — ᠲᠠᠶᠢᠹᠤᠰᠧ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/1
  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠯᠠᠨ ᠲᠠᠶᠠᠭᠠᠷ ᠲᠤ ᠭᠦᠨᠵᠡᠭᠡᠶ ᠲᠠᠨᠢᠭᠤᠯᠤᠨ᠂ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠣᠯᠪᠠᠰᠤᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 10᠎ ᠤ ᠡᠳᠦᠷ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠬᠠᠮᠲᠤᠷᠠᠨ 2024 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠦᠨᠡᠨᠴᠢ ᠢᠲᠡᠭᠡᠮᠵᠢᠲᠡᠶ ᠤᠯᠠᠮᠵᠢᠯᠠᠯᠲᠤ ᠰᠣᠶᠣᠯ ᠢ ᠪᠠᠳᠠᠷᠠᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠯᠠᠭᠠᠨ ᠤ ᠲᠤᠮᠳᠠ᠂ ᠪᠣᠤᠴᠠᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠪᠥᠵᠢᠭ ᠤᠨ ᠠᠩᠭᠢ᠂ ᠨᠠᠶᠢᠷᠠᠯ ᠳᠠᠭᠤᠤ ᠶᠢᠨ ᠪᠦᠯᠬᠦᠮ ᠤᠨ ᠬᠢᠨ ᠤᠷᠠᠨ ᠰᠠᠶᠢᠬᠠᠨ ᠤ ᠲᠣᠭᠯᠠᠯᠲᠠ ᠭᠠᠷᠭᠠᠨ ᠰᠤᠨᠢᠷᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠤᠭ ᠪᠠᠳᠠᠷᠠᠩᠭᠤᠶ᠂  ᠦᠭᠡᠳᠡᠷᠭᠡᠭ ᠲᠠᠪᠰᠢᠩᠭᠤᠢ᠂ ᠪᠦᠯᠬᠦᠮᠳᠡᠨ ᠨᠢᠬᠳᠠᠷᠠᠭᠰᠠᠨ᠂ ᠪᠣᠯᠪᠠᠰᠤᠨ ᠡᠶ᠎ᠡ ᠵᠣᠬᠢᠴᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠬᠦᠯᠦᠭᠰᠡᠨ ᠪᠠᠶᠢᠨ᠎ᠠ᠃  ᠠᠵᠢᠯᠳᠠᠳ ᠠᠴᠠ ᠠᠬᠤᠢ ᠲᠠᠯᠠᠪᠠᠢ ᠶᠢᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠦᠨᠡᠨᠴᠢ ᠢᠳᠡᠬᠡᠮᠵᠢ ᠶᠢᠨ ᠰᠣᠶᠣᠯ᠂ ᠵᠠᠩ ᠳᠠᠳᠬᠠᠯ ᠤᠨ ᠦᠬᠡᠷᠡᠴᠢᠯᠡᠯᠳᠡ᠂ ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 1500 ᠭᠠᠷᠤᠶ ᠬᠤᠪᠢ ᠲᠠᠷᠬᠠᠭᠠᠭᠰᠠᠨ ᠪᠥᠭᠡᠳ ᠠᠷᠠᠳ  ᠢᠷᠭᠡᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶᠠᠳᠠᠢ ᠮᠡᠳᠡᠯᠭᠡ  ᠪᠠ ᠦᠨᠳᠦᠰᠦᠲᠡᠨ ᠤ ᠲᠥᠷᠥ ᠶᠢᠨ ᠪᠣᠳᠣᠯᠭ᠎ᠠ  ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠵᠠᠢ  ᠃ ᠡᠭᠦᠨ ᠤ ᠬᠠᠮᠲᠤ ︽ᠤᠯᠤᠰ ᠤᠨ ᠲᠤᠭ ᠲᠠᠢ ᠪᠠᠨ ᠬᠠᠮᠳᠤ ᠰᠡᠬᠦᠳᠡᠷᠯᠡᠬᠦ︾ ᠠᠵᠢᠯᠯᠠᠭ᠎ᠠ ᠶᠠᠪᠤᠭᠳᠠᠵᠤ᠂  ᠮᠠᠰᠢ ᠤᠯᠠᠨ ᠬᠦᠮᠦᠰ ᠤᠯᠤᠰ ᠤᠨ ᠲᠤᠭ ᠲᠠᠢ ᠬᠠᠮᠲᠤ ᠰᠡᠭᠦᠳᠡᠷ ᠲᠠᠲᠠᠭᠤᠯᠤᠨ ᠳᠤᠷᠠᠰᠬᠠᠯ ᠦᠯᠡᠳᠡᠭᠡᠵᠦ᠂  ᠡᠬᠡ ᠤᠯᠤᠰ ᠎ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠢᠯᠡᠳᠬᠡᠨ᠂ ᠠᠭᠤᠤ ᠶᠡᠭᠡ ᠡᠬᠡ ᠤᠯᠤᠰ ᠤᠨ ᠢᠶᠠᠨ ᠴᠡᠴᠡᠭᠯᠡᠨ ᠬᠥᠭᠵᠢᠬᠦ ᠶᠢ ᠵᠦᠩᠨᠡᠪᠡ᠃ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠰᠢᠶᠤᠤ ᠱᠤ᠋ ᠴᠢ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠬᠤᠶᠢᠰᠢᠳᠠ ᠪᠢᠳᠡ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠣᠯᠠᠨ ᠶᠠᠩᠵᠤ ᠬᠡᠯᠪᠡᠷᠢ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ᠋ ᠪᠠᠳᠤᠳᠬᠠᠵᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠡᠷᠬᠢᠮᠨᠡᠬᠦ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ︾ ᠬᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号