ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠠᠷᠠᠭ︾ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠦᠨᠳᠦᠰᠦᠲᠡᠨ ᠤ | ᠰᠤᠷᠤᠭᠴᠢᠳ ᠢ ᠵᠢᠯᠤᠭᠤᠳᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ | ᠭᠡᠷᠡᠭᠯᠡᠬᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠲᠠᠶᠢᠹᠤᠰᠧ ᠬᠤᠰᠢᠭᠤᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠬᠠᠮᠳᠤᠷᠠᠨ ︽ᠲᠡᠷᠭᠡᠳᠡ ᠡᠬᠦᠰᠦᠭᠰᠡᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ ᠬᠡᠮᠡᠬᠦ ᠭᠤᠤᠯ ᠰᠡᠳᠦᠪᠳᠦ ᠶᠠᠷᠢᠶ᠎ᠠ ᠢᠯᠡᠳᠬᠡᠯ ᠤᠨ | ᠤᠷᠤᠯᠳᠤᠭᠠᠨ ᠢ ᠡᠷᠭᠢᠯᠡᠵᠦ᠂ 50 ᠭᠠᠷᠤᠶ ᠰᠣᠷᠣᠭᠴᠢ ᠪᠤᠶᠤ ᠬᠡᠷ ᠤᠨ ᠠᠬᠠᠮᠠᠳ ᠤᠨ ᠲᠥᠯᠥᠭᠡᠯᠡᠭᠴᠢ | ᠠᠵᠢᠯᠯᠠᠭ᠎ᠠ ᠳᠤ ᠣᠷᠣᠯᠴᠠᠵᠠᠶ᠃ ᠤᠷᠤᠯᠳᠤᠭᠠᠨ ᠳᠤ ᠤᠷᠤᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠡᠵᠡᠮᠳᠡᠨ᠂ ᠠᠮᠢᠳᠤᠷᠠᠯ ᠤᠨ ᠪᠣᠳᠠᠲᠤ ᠪᠠᠶᠢᠳᠠᠯ ᠪᠣᠯᠤᠨ | ᠰᠤᠷᠤᠯᠴᠠᠯᠭ᠎ᠠ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ | ᠪᠤᠳᠤᠯᠭ᠎ᠠ ᠪᠣᠯᠤᠨ ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠶᠠᠷᠢᠵᠤ | ᠬᠤᠪᠢᠶᠠᠯᠴᠠᠭᠠᠳ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠶ᠎ᠡ ᠵᠣᠬᠢᠴᠠᠩᠭᠤᠢ ᠪᠣᠯᠤᠨ ᠰᠠᠶᠢᠨ | ᠰᠠᠶᠢᠬᠠᠨ ᠠᠬᠤᠢ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠡᠷᠡᠯᠬᠡᠭᠯᠡᠨ | ᠤᠷᠤᠭᠰᠢᠯᠠᠬᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠬᠠᠷᠠᠭᠤᠯᠤᠭᠰᠠᠨ ᠪᠠᠶᠢᠨ᠎ᠠ᠃ |