ᠲᠡᠷᠭᠡᠳᠡ ᠡᠬᠦᠰᠦᠭᠰᠡᠨ ᠦᠯᠢᠭᠡᠷ ᠵᠢᠱᠢᠶ᠎ᠡ ᠶᠢ ᠶᠠᠷᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨᠠᠮ
ᠨᠡᠶᠢᠲᠡᠯᠡᠭᠰᠡᠨ ᠴᠠᠭ᠄
2024/10/1
  9 ᠰᠠᠷ᠎ᠠ ᠶᠢᠨ 27 ᠤ ᠡᠳᠦᠷ᠂  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ  ᠡᠷᠬᠢᠯᠡᠭᠰᠡᠨ ︽ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠬᠤ︾  ᠶᠠᠷᠢᠶ᠎ᠠ ᠢᠯᠡᠳᠬᠡᠯ ᠤᠨ ᠤᠷᠤᠯᠳᠤᠭᠠᠨ ᠠᠮᠵᠢᠯᠲᠠ ᠲᠠᠢ ᠦᠨᠳᠦᠷᠯᠡᠵᠦ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠠ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ 50 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ ᠡᠮᠦᠨᠡᠬᠢ ᠬᠤᠭᠤᠴᠠᠭᠠᠨ ᠤ ᠪᠡᠯᠡᠳᠬᠡᠯ ᠤᠷᠤᠯᠳᠤᠭᠠᠨ ᠨᠤᠭᠤᠳ ᠢᠶᠠᠷ ᠲᠠᠮᠵᠢᠭᠠᠳ 7 ᠰᠤᠷᠭᠠᠭᠤᠯᠢ ᠶᠢᠨ 17 ᠤᠷᠤᠯᠴᠠᠭᠴᠢ ᠴᠣᠯᠭᠤᠷᠠᠨ ᠦᠨᠦᠳᠦᠷ ᠤᠨ ᠰᠢᠢᠳᠪᠦᠷᠢᠳᠦ ᠤᠷᠤᠯᠳᠤᠭᠠᠨ ᠳᠤ ᠤᠷᠤᠭᠰᠠᠨ ᠪᠠᠶᠢᠨ᠎ᠠ᠃ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠤᠭᠤᠷᠢᠨ ᠳᠤ᠂  ᠦᠪᠡᠷ ᠥᠪᠡᠷ ᠤᠨ ᠠᠮᠢᠳᠤᠷᠠᠯ ᠤᠨ ᠪᠣᠳᠠᠲᠤ ᠪᠠᠶᠢᠳᠠᠯ ᠪᠣᠯᠤᠨ ᠰᠤᠷᠤᠯᠴᠠᠯᠭ᠎ᠠ ᠶᠢᠨ ᠣᠶᠢᠯᠠᠭᠠᠯᠲᠠ ᠲᠦᠷᠦᠭᠳᠡᠯ ᠲᠠᠢ ᠪᠠᠨ ᠤᠶᠠᠯᠳᠤᠭᠤᠯᠵᠤ᠂ ᠠᠮᠢᠳᠤᠯᠢᠭ  ᠬᠡᠯᠡᠯᠬᠡ ᠣᠷᠭᠢᠯᠤᠮ᠎ᠠ ᠰᠡᠳᠬᠢᠯᠭᠡ ᠪᠠᠷ ᠦᠨᠳᠦᠰᠦᠲᠡᠨ ᠨᠦᠭᠦᠳ ᠤᠨ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠤᠮᠳᠠ ᠴᠣᠯᠭᠤᠷᠠᠨ ᠭᠠᠷᠤᠭᠰᠠᠨ ᠨᠢᠭᠡ ᠪᠦᠯᠦᠭ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠭᠰᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ᠂ ᠢᠳᠡᠪᠬᠢ ᠬᠦᠴᠦᠨ ᠢ ᠳᠠᠮᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠵᠢᠱᠢᠶ᠎ᠡ ᠶᠢ ᠠᠳᠠᠯᠢ ᠪᠤᠰᠤ ᠬᠠᠷᠠᠭᠠᠰᠤ ᠠᠴᠠ  ᠮᠠᠭᠲᠠᠨ ᠲᠠᠭᠤᠯᠠᠭᠠᠳ᠂  ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ ᠭᠦᠢᠴᠡᠳ ᠬᠠᠷᠠᠭᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠭᠠᠨ ᠤᠮᠤᠭ ᠵᠤᠷᠢᠭ ᠪᠠᠳᠠᠷᠠᠩᠭᠤᠢ ᠪᠠᠷ ᠡᠷᠡᠮᠡᠭᠡᠶᠢᠯᠡᠨ ᠤᠷᠤᠭᠰᠢᠯᠠᠬᠤ ᠠᠮᠢᠵᠢᠷᠠᠯ ᠤᠨ ᠬᠦᠴᠦᠨ ᠢ ᠢᠯᠡᠷᠡᠬᠦᠯᠵᠡᠢ᠃ ᠬᠤᠷᠴᠠ ᠰᠢᠷᠦᠭᠦᠨ ᠥᠷᠢᠰᠥᠯᠳᠦᠭᠡᠨ ᠢᠶᠠᠷ  ᠲᠠᠮᠵᠢᠭᠠᠳ ᠨᠢᠭᠡᠳᠦᠭᠡᠷ ᠳᠡᠰ  ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ  ᠂ ᠭᠤᠷᠪᠠᠳᠤᠭᠠᠷ ᠳᠡᠰ ᠲᠤ 3 ᠨᠡᠷ᠎ᠡ ᠶᠢ ᠰᠢᠯᠭᠠᠷᠠᠭᠤᠯᠪᠠ᠃     ᠤᠷᠤᠯᠴᠠᠭᠴᠢ ᠰᠢ ᠵᠢᠩ ᠾᠦᠢ  ᠄ ︽ᠦᠨᠳᠦᠰᠦᠲᠡᠨ ᠤ ᠪᠦᠯᠬᠦᠮᠳᠡᠯ ᠨᠢ ᠵᠥᠪᠬᠡᠨ ᠨᠢᠬᠡ ᠤᠷᠢᠶ᠎ᠠ ᠲᠡᠳᠦᠢ ᠪᠢᠰᠢ᠂  ᠮᠠᠨ ᠤ ᠡᠳᠦᠷ ᠲᠤᠲᠤᠮ ᠤᠨ ᠠᠮᠢᠳᠤᠷᠠᠯ ᠲᠤᠮᠳᠠᠬᠢ  ᠵᠢᠵᠢᠭ ᠰᠠᠵᠢᠭ ᠵᠦᠢᠯ ᠲᠡᠭᠡᠷ᠎ᠡ ᠴᠤ  ᠦᠢᠯᠡᠳᠦᠯᠬᠡᠵᠢᠬᠦᠯᠵᠦ ᠪᠣᠯᠤᠨ᠎ᠠ᠃ ᠪᠢᠳᠡ ᠦᠷᠭᠦᠯᠵᠢᠯᠡᠨ ᠭᠠᠷ ᠬᠤᠯᠪᠣᠯᠴᠠᠨ ᠤᠷᠤᠭᠰᠢᠯᠠᠵᠤ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠠᠮᠢᠳᠤᠷᠠᠯ ᠤᠨ ᠳᠤᠮᠳᠠ ᠪᠠᠨ ᠨᠢᠬᠡ ᠨᠢᠬᠡᠨ ᠢᠶᠠᠨ ᠢᠯᠡᠭᠦᠬᠡᠨ ᠬᠠᠶᠢᠷᠠᠯᠠᠨ ᠬᠠᠯᠠᠮᠵᠢᠯᠠᠵᠤ  ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ ᠭᠡᠷᠡᠭᠳᠡᠢ︾᠃    ᠤᠷᠤᠯᠴᠠᠭᠴᠢ ᠠᠯᠢᠶ᠎ᠠ᠄ ︽ᠡᠨᠡ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠲᠠᠮᠵᠢᠭᠠᠳ ᠪᠢᠳᠡ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠵᠤ᠂ ᠡᠬᠡ ᠤᠯᠤᠰ ᠢᠶᠠᠨ ᠬᠠᠶᠢᠷᠠᠯᠠᠵᠤ᠂ ᠠᠷᠠᠳ ᠲᠦᠮᠡᠨ ᠢᠶᠠᠨ ᠬᠠᠶᠢᠷᠠᠯᠠᠵᠤ᠂  ᠨᠠᠶᠢᠵᠠ ᠨᠦᠬᠦᠳ ᠢᠶᠠᠨ ᠬᠠᠶᠢᠷᠠᠯᠠᠵᠤ᠂  ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠠᠪᠰᠢᠬᠤ ᠬᠡᠷᠡᠭᠲᠡᠢ ᠭᠡᠳᠡᠭ ᠢ ᠤᠯᠠᠮ ᠬᠦᠨᠵᠡᠬᠡᠢ ᠤᠶᠢᠯᠠᠭᠠᠯ᠎ᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠯᠠ ᠶᠤᠮ ᠪᠣᠯ ᠮᠠᠨ ᠤ ᠠᠭᠤᠤ ᠶᠡᠭᠡ ᠡᠬᠡ ᠤᠯᠤᠰ ᠮᠢᠨᠢ ᠨᠡᠩ ᠢᠯᠡᠬᠦᠦ ᠴᠡᠴᠡᠭᠯᠡᠨ ᠬᠥᠭᠵᠢᠵᠦ ᠴᠢᠳᠠᠨ᠎ᠠ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号