︽ᠤᠯᠤᠰ ᠤᠨ ᠪᠠᠶᠠᠷ ᠢᠶᠠᠨ ᠪᠣᠯᠪᠠᠰᠤᠨ ᠢᠶᠠᠷ ᠪᠡᠯᠭᠡᠯᠡᠬᠦ︾ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/10/1
   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠠᠶᠠᠷᠯᠠᠨ ᠤᠭᠲᠤᠵᠤ ᠪᠠᠶᠢᠭ᠎ᠠ ᠲᠠᠰᠢᠷᠠᠮ ᠢᠶᠠᠷ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠶ᠂ ᠠᠮᠤᠷ ᠲᠦᠪᠰᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠪᠢᠳᠡ ᠲᠤᠰ ᠤᠷᠢᠶᠠᠯᠠᠭ᠎ᠠ ᠶᠢ ᠭᠠᠷᠭᠠᠯ᠎ᠠ᠄     ᠨᠢᠭᠡ ᠳᠤ᠂  ᠤᠯᠤᠰ ᠤᠨ ᠪᠠᠶᠠᠷ ᠤᠨ ᠬᠤᠭᠤᠴᠠᠭᠠᠨ ᠳᠤ᠂ ᠪᠥᠬᠦ ᠬᠤᠰᠢᠭᠤᠨ ᠤ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ  ᠂ ᠵᠡᠭᠡᠯᠢ ᠳᠠᠭᠠᠤ ᠳᠠᠬᠢ ᠬᠤᠳᠠᠯᠳᠤᠭᠠᠨ ᠤ ᠡᠷᠦᠬᠡ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂  ᠲᠠᠯᠠᠪᠠᠶ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠤᠯᠤᠰ ᠤᠨ ᠲᠤᠭ ᠡᠯᠬᠦᠬᠦ ᠳᠡᠭᠡᠨ ᠬᠠᠤᠯᠢ ᠶᠣᠰᠣᠭᠠᠷ ᠲᠦᠷᠢᠮᠵᠢᠬᠦᠨ ᠬᠡᠷᠡᠭᠯᠡᠬᠦ ᠬᠡᠷᠡᠭᠲᠡᠶ᠂  ᠤᠷᠠᠭᠳᠠᠵᠤ ᠰᠡᠮᠡᠷᠡᠭᠰᠡᠨ᠂ ᠭᠬᠢᠷᠲᠦᠵᠤ ᠲᠠᠭᠰᠢᠭᠰᠠᠨ᠂ ᠥᠩᠭᠡ   ᠨᠢ ᠤᠨᠠᠭᠰᠠᠨ ᠪᠤᠶᠤ ᠬᠡᠪ ᠬᠡᠮᠵᠢᠶ᠎ᠡ ᠳᠤ ᠨᠡᠶᠢᠴᠡᠬᠦ ᠥᠬᠡᠶ ᠤᠯᠤᠰ ᠤᠨ ᠲᠤᠭ ᠢ ᠡᠯᠭᠦᠵᠦ ᠪᠣᠯᠬᠤ ᠥᠬᠡᠶ᠂ ᠤᠯᠤᠰ ᠤᠨ ᠲᠤᠭ ᠢ ᠲᠣᠩᠭᠤᠷᠠᠭᠤᠯᠤᠨ ᠡᠯᠭᠦᠵᠦ ᠪᠣᠯᠬᠤ ᠥᠬᠡᠶ᠂ ᠠᠳᠡ ᠲᠡᠨᠳᠡ ᠬᠠᠶᠠᠵᠤ ᠪᠤᠯᠬᠤ ᠦᠬᠡᠢ᠂  ᠬᠠᠭᠤᠴᠢᠷᠠᠭᠰᠠᠨ ᠪᠤᠶᠤ ᠬᠡᠪ ᠬᠡᠮᠵᠢᠶ᠎ᠡ ᠳᠤ ᠨᠡᠶᠢᠴᠡᠬᠦ ᠥᠬᠡᠶ ᠤᠯᠤᠰ ᠤᠨ ᠲᠤᠭ ᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠤᠷᠢᠶᠠᠨ ᠠᠪᠴᠤ ᠰᠢᠢᠳᠪᠦᠷᠢᠯᠡᠬᠦ ᠬᠡᠷᠡᠭᠲᠡᠶ᠃     ᠬᠤᠶᠠᠷ᠂ ᠪᠣᠯᠪᠠᠰᠤᠨ ᠵᠢᠭᠤᠯᠴᠢᠯᠠᠯ ᠤᠨ ᠨᠡᠶᠢᠲᠡ ᠶᠢᠨ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠨᠡᠶᠢᠲᠡ ᠶᠢᠨ ᠶᠣᠰᠣ ᠮᠣᠷᠠᠯ ᠢ ᠬᠢᠴᠢᠶᠡᠩᠭᠦ᠋ᠢᠯᠡᠨ ᠰᠠᠬᠢᠵᠤ᠂  ᠤᠷᠤᠨ ᠨᠤᠳᠤᠭ ᠤᠨ ᠵᠠᠩ ᠳᠠᠳᠬᠠᠯ ᠢ ᠬᠦᠨᠳᠦᠳᠬᠡᠨ᠂ ᠣᠯᠠᠨ ᠨᠡᠶᠢᠲᠡ ᠶᠢᠨ ᠲᠠᠯᠠᠪᠤᠷ ᠲᠤ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠤᠬᠠᠮᠰᠠᠷ ᠠᠴᠠ ᠪᠠᠨ ᠮᠦᠷᠯᠡᠵᠦ ᠵᠢᠬᠰᠠᠨ  ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠡᠷᠲᠡᠨ ᠤ ᠬᠠᠭᠤᠴᠢ ᠪᠠᠭᠤᠷᠢ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ᠂  ᠡᠷᠡᠬᠦᠯ ᠪᠣᠯᠪᠠᠰᠤᠨ ᠵᠢᠭᠤᠯᠴᠢᠯᠠᠯ ᠤᠨ ᠰᠢᠨ᠎ᠡ ᠬᠡᠪ ᠰᠤᠷᠲᠠᠯ ᠢ ᠪᠤᠢ ᠪᠤᠯᠭᠠᠬᠤ ᠭᠡᠷᠡᠭᠳᠡᠢ᠃ ᠨᠡᠶᠢᠲᠡ ᠶᠢᠨ ᠮᠠᠰᠢᠨ ᠳᠤ ᠰᠠᠭᠤᠬᠤ᠂ ᠳᠤᠭᠤᠶ ᠤᠨᠤᠬᠤ ᠪᠠ ᠶᠠᠪᠠᠭᠠᠨ ᠠᠯᠬᠤᠬᠤ ᠵᠡᠷᠭᠡ ᠪᠣᠬᠢᠷᠲᠤᠯ ᠥᠬᠡᠶ ᠠᠷᠭ᠎ᠠ ᠬᠡᠯᠪᠡᠷᠢ ᠶᠢ ᠠᠪᠴᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ ᠠᠴᠠ ᠪᠠᠨ ᠰᠠᠬᠢᠬᠤ ᠭᠡᠷᠡᠭᠳᠡᠢ᠃     ᠭᠤᠷᠪᠠ᠂  ︽ ᠠᠷᠪᠢᠴᠢ ᠭᠠᠮᠳᠠᠢ ᠢᠳᠡᠵᠦ ᠤᠤᠭᠤᠬᠤ︾᠂ ︽ᠨᠡᠶᠢᠲᠡ ᠶᠢᠨ ᠬᠠᠯᠪᠠᠭ᠎ᠠ ᠰᠠᠪᠬ᠎ᠠ ᠬᠡᠷᠡᠭᠯᠡᠬᠦ︾ ᠶᠢ ᠰᠠᠨᠠᠭᠠᠴᠢᠯᠠᠵᠤ᠂ ᠶᠡᠬᠡᠪᠡᠷ ᠦᠢᠯᠡᠳᠴᠦ ᠪᠦᠷᠢᠯᠭᠡᠨ ᠰᠦᠢᠳᠬᠡᠬᠦ ᠶᠢ  ᠡᠰᠡᠷᠬᠦᠴᠡᠨ᠎ᠡ᠃ ᠬᠤᠭᠤᠯᠠ ᠤᠮᠳᠠ ᠶᠢᠨ ᠭᠠᠵᠠᠷ ᠨᠢ ᠵᠠᠬᠢᠶᠠᠯᠠᠭ᠎ᠠ ᠶᠢᠨ ᠬᠠᠭᠤᠳᠠᠰᠤ ᠶᠢ ᠵᠦᠶ ᠵᠣᠬᠢᠰᠲᠠᠶ ᠲᠥᠯᠥᠪᠯᠡᠨ᠂  ᠪᠠᠭ᠎ᠠ ᠬᠤᠪᠢ ᠶᠢᠨ ᠵᠠᠭᠤᠰᠢ᠂ ᠬᠠᠭᠠᠰ ᠬᠤᠪᠢ ᠶᠢᠨ ᠵᠠᠭᠤᠰᠢ ᠶᠢ ᠲᠡᠯᠬᠡᠷᠡᠬᠦᠯᠦᠨ᠂ ᠬᠡᠷᠡᠭᠯᠡᠭᠴᠢᠳ ᠢ ᠵᠢᠯᠤᠭᠤᠳᠤᠨ  ᠵᠦᠶ ᠵᠣᠬᠢᠰᠲᠠᠶ ᠵᠠᠬᠢᠶᠠᠯᠠᠭᠤᠯᠵᠤ᠂ ᠪᠣᠯᠪᠠᠰᠤᠨ ᠢᠶᠠᠷ ᠬᠤᠭᠤᠯᠠᠯᠠᠭᠤᠯᠬᠤ ᠬᠡᠷᠡᠭᠲᠡᠶ᠃ ᠤᠬᠠᠭᠠᠯᠢᠭ ᠬᠡᠷᠡᠭᠯᠡᠭᠡ᠂ ᠵᠣᠬᠢᠰᠲᠠᠢ ᠬᠡᠷᠡᠭᠯᠡᠭᠡ ᠶᠢ ᠪᠠᠷᠢᠮᠲᠠᠯᠠᠵᠤ᠂ ᠯᠠᠷᠵᠢᠶ᠎ᠠ ᠲᠠᠲᠠᠬᠤ᠂ ᠠᠳᠠᠯᠢᠳᠬᠠᠨ ᠮᠦᠴᠡᠭᠡᠷᠬᠡᠬᠦ᠂ ᠠᠳᠡᠭᠦᠷᠯᠡᠨ ᠠᠳᠠᠯᠢᠳᠬᠠᠬᠤ ᠮᠠᠭᠤ ᠰᠤᠷᠲᠠᠯ ᠢ ᠲᠡᠪᠴᠢᠨ᠂ ᠠᠮᠢ ᠠᠬᠤᠢ ᠶᠢ ᠡᠪᠳᠡᠬᠦ ᠦᠭᠡᠢ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂ ᠠᠮᠤ ᠪᠤᠳᠠᠭ᠎ᠠ ᠶᠢ ᠪᠦᠷᠢᠯᠭᠡᠬᠦ ᠦᠭᠡᠢ᠂ ᠬᠡᠭᠡᠷ᠎ᠡ ᠶᠢᠨ ᠠᠮᠢᠳᠠᠨ ᠢ ᠢᠳᠡᠬᠦ ᠦᠭᠡᠢ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠭᠡᠢ ᠪᠠᠶᠢᠵᠤ᠂ ᠹᠧᠣᠳᠠᠯ ᠤᠨ ᠮᠤᠬᠤᠷ ᠪᠢᠰᠢᠷᠡᠯ᠂ ᠥᠨᠳᠥᠷ ᠦᠨᠡᠳᠦ ᠤᠷᠤᠭ ᠤᠨ ᠪᠡᠯᠡᠭ᠂ ᠤᠯᠠᠭᠠᠨ ᠴᠠᠭᠠᠨ ᠤ ᠶᠠᠪᠤᠳᠠᠯ ᠢ ᠶᠡᠬᠡᠪᠡᠷ ᠬᠢᠬᠦ ᠶᠢ ᠴᠡᠭᠡᠷᠯᠡᠵᠦ᠂ ᠬᠡᠪ ᠵᠠᠩᠰᠢᠯ ᠤᠨ ᠦᠬᠡᠷᠡᠴᠢᠯᠡᠯᠳᠡ ᠶᠢ ᠠᠬᠢᠭᠤᠯᠤᠨ᠂  ᠪᠤᠯᠬᠢ ᠬᠡᠪᠰᠢᠮᠡᠯ  ᠵᠠᠩ ᠳᠠᠳᠬᠠᠯ ᠢ ᠠᠷᠢᠯᠭᠠᠬᠤ ᠦᠢᠯᠡᠳᠦᠯᠬᠡᠵᠢᠬᠦᠯᠦᠭᠴᠢ ᠪᠣᠯᠬᠤ ᠪᠠᠷ ᠴᠢᠷᠮᠠᠶᠢᠨ᠎ᠠ᠃    ᠳᠥᠷᠪᠡ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠡᠵᠡᠩᠨᠡᠯᠲᠡ ᠶᠢᠨ ᠠᠵᠢᠯᠯᠠᠭ᠎ᠠ ᠪᠠᠨ ᠲᠦᠷᠢᠮᠵᠢᠬᠦᠯᠦᠨ᠂ ᠠᠵᠢᠯ ᠮᠡᠷᠭᠡᠵᠢᠯ ᠤᠨ ᠶᠣᠰᠣ ᠮᠣᠷᠠᠯ ᠢ ᠴᠢᠩᠭ᠎ᠠ ᠰᠠᠬᠢᠨ᠎ᠠ᠃ ᠲᠣᠭᠲᠠᠭᠠᠯ ᠠᠴᠠ ᠵᠥᠷᠢᠴᠡᠨ ᠡᠵᠡᠩᠨᠡᠬᠦ  ᠂ ᠵᠣᠴᠢᠳ ᠢ ᠬᠢᠬᠠᠬᠤ  ᠂ ᠦᠨ᠎ᠡ ᠬᠠᠩᠰᠢ ᠶᠢ ᠲᠦᠷᠭᠢᠯᠳᠦᠨ ᠥᠰᠬᠡᠬᠦ᠂ ᠬᠤᠳᠠᠯ ᠬᠠᠭᠤᠷᠮᠠᠭ ᠵᠠᠷ ᠨᠡᠶᠢᠳᠡᠯᠡᠬᠦ᠂  ᠬᠠᠭᠤᠷᠮᠠᠭ ᠮᠠᠭᠤ ᠲᠠᠸᠠᠷ ᠪᠤᠷᠤᠯᠠᠭᠤᠯᠬᠤ ᠶᠢ ᠡᠷᠡᠰ ᠴᠡᠭᠡᠷᠯᠡᠵᠦ᠂ ᠬᠡᠷᠡᠭᠯᠡᠭᠴᠢᠳ ᠤᠨ ᠰᠠᠨᠠᠭ᠎ᠠ ᠠᠮᠤᠷ ᠬᠤᠳᠠᠯᠳᠤᠨ ᠠᠪᠴᠤ ᠭᠡᠷᠡᠭᠯᠡᠬᠦ ᠶᠢ ᠪᠠᠳᠤᠯᠠᠨ᠂  ᠦᠨᠡᠨᠴᠢ ᠢᠳᠡᠬᠡᠮᠵᠢᠳᠡᠢ ᠡᠵᠡᠩᠨᠡᠯᠳᠡ  ᠂ ᠴᠢᠨᠠᠷ ᠰᠠᠶᠢᠲᠠᠢ ᠦᠢᠯᠡᠴᠢᠯᠡᠭᠡ ᠪᠠᠷ ᠲᠠᠶᠢᠹᠤᠰᠧ ᠬᠤᠰᠢᠭᠤᠨ ᠤ ᠪᠠᠨ ᠪᠣᠯᠪᠠᠰᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ  ᠃                                                                      ᠲᠠᠶᠢᠹᠤᠰᠧ ᠬᠤᠰᠢᠭᠤᠨ ᠤ  ᠨᠠᠮ ᠤᠨ ᠬᠤᠷᠢᠶᠠᠨ ᠤ ᠤᠬᠠᠭᠤᠯᠬᠤ ᠬᠡᠯᠲᠡᠰ                                                                          ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ                                                                      ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ                                                                                                    2024 ᠣᠨ ᠤ 9 ᠰᠠᠷ᠎ᠠ ᠶᠢᠨ 29 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号